ᠨᠢᠭᠡ᠂ ︽ᠬᠡᠷᠡᠭᠵᠢᠭᠦᠯᠬᠦ ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ | ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ︹2021︺ 40 ᠳ᠋ᠦ᠋ᠭᠡᠷ ᠲᠣᠭᠠᠲᠤ︶ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠥᠷ ᠮᠣᠩᠭᠤᠯ ᠣᠷᠣᠨ ᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ | ᠪᠠᠶᠢᠭᠤᠯᠤᠯ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ | ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2023︺ 14 ᠳ᠋ᠦ᠋ᠭᠡᠷ ᠲᠣᠭᠠᠲᠤ᠂ ᠳᠣᠷᠣᠭᠰᠢ ︽ | ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | ᠬᠤᠶᠠᠷ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠨᠡᠶᠢᠲᠡ 4 ᠬᠡᠰᠡᠭ 24 ᠵᠦᠢᠯ ᠬᠤᠪᠢᠶᠠᠪᠠ᠃ | ︵ᠨᠢᠭᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠭᠤᠣᠯᠳᠠᠯᠭ᠎ᠠ ᠲᠠᠢ ᠬᠦᠷᠢᠶ᠎ᠡ ᠶᠢ ᠲᠣᠳᠣᠷᠬᠠᠶᠢᠯᠠᠪᠠ᠃ | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ | ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ︹2021︺ 40 ᠳ᠋ᠦ᠋ᠭᠡᠷ ᠲᠣᠭᠠᠲᠤ︶ ᠢ ᠦᠨᠳᠦᠰᠦᠯᠡᠨ ᠲᠣᠭᠲᠠᠭᠠᠭᠰᠠᠨ ᠭᠤᠣᠯᠳᠠᠯᠭ᠎ᠠ ᠲᠠᠢ | ᠬᠦᠷᠢᠶ᠎ᠡ᠂ ︽ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ | ᠶᠡᠭᠡ ᠢᠨᠵᠧᠨᠧᠷᠢᠩ ᠤᠨ ᠶᠡᠷᠦᠩᠬᠡᠢ ᠲᠥᠯᠦᠪᠵᠢᠭᠦᠯᠭᠡ ︵2021 — 2035 ᠣᠨ︶︾ ᠪᠠᠷ ᠥᠪᠡᠷᠲᠡᠭᠡᠨ | ᠵᠠᠰᠠᠬᠤ ᠣᠷᠣᠨ ᠤ ︽ᠨᠢᠭᠡ ᠣᠷᠣᠨ ᠬᠤᠶᠠᠷ ᠪᠦᠰᠡ︾ ᠲᠠᠢ ᠬᠤᠯᠪᠣᠭᠳᠠᠬᠤ ᠭᠤᠣᠯᠳᠠᠯᠭ᠎ᠠ ᠲᠠᠢ ᠠᠮᠢ ᠠᠬᠤᠢ ᠶᠢᠨ | ᠴᠢᠳᠠᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠪᠦᠰᠡ ᠶᠢ | ᠲᠣᠳᠣᠷᠬᠠᠶᠢᠯᠠᠵᠤ᠂ ᠣᠢ ᠰᠢᠭᠤᠢ ᠨᠤᠲᠤᠭ ᠪᠡᠯᠴᠢᠭᠡᠷ᠂ ᠡᠯᠡᠰᠦᠷᠬᠡᠭᠵᠢᠭᠰᠡᠨ ᠭᠠᠵᠠᠷ ᠰᠢᠷᠣᠢ᠂ ᠭᠤᠣᠯ ᠮᠦᠷᠡᠨ | ᠨᠠᠭᠤᠷ ᠴᠥᠭᠦᠷᠥᠮ ᠨᠦᠢᠲᠠᠨ ᠭᠠᠵᠠᠷ᠂ ᠠᠭᠤᠷᠬᠠᠢ ᠶᠢᠨ ᠣᠷᠣᠨ᠂ ᠲᠠᠷᠢᠶᠠᠨ ᠭᠠᠵᠠᠷ᠂ ᠬᠤᠲᠠ ᠪᠠᠯᠭᠠᠰᠤ᠂ ᠠᠮᠢ | ᠠᠬᠤᠢ ᠶᠢᠨ ᠠᠵᠤ ᠦᠢᠯᠡᠰ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ 7 ᠭᠤᠣᠯᠳᠠᠯᠭ᠎ᠠ ᠲᠠᠢ ᠬᠦᠷᠢᠶ᠎ᠡ ᠶᠢ | ᠲᠣᠭᠲᠠᠭᠠᠪᠠ᠃ | ︵ᠬᠤᠶᠠᠷ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠪᠡ᠃ | ︽ᠬᠡᠨ ᠰᠡᠷᠭᠦᠭᠡᠪᠡᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ᠂ ᠲᠥᠷᠥᠯ ᠵᠦᠢᠯ ᠢ ᠪᠠᠶᠢᠭᠤᠯᠬᠤ᠂ | ᠬᠡᠷᠡᠭᠵᠢᠭᠦᠯᠬᠦ᠂ ᠰᠢᠯᠭᠠᠨ ᠬᠤᠷᠢᠶᠠᠵᠤ ᠠᠪᠬᠤ᠂ ᠬᠠᠮᠢᠶᠠᠷᠴᠤ ᠬᠠᠮᠠᠭᠠᠯᠠᠬᠤ᠂ ᠡᠷᠬᠡ ᠠᠰᠢᠭ ᠵᠡᠷᠭᠡ ᠲᠥᠷᠥᠯ ᠵᠦᠢᠯ ᠢ | ᠬᠡᠷᠡᠭᠵᠢᠭᠦᠯᠬᠦ ᠪᠦᠬᠦ ᠶᠠᠪᠤᠴᠠ ᠳᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ | ᠣᠷᠤᠯᠴᠠᠬᠤ 8 ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ᠂ ᠪᠣᠳᠠᠲᠠᠢ ᠠᠷᠭ᠎ᠠ ᠵᠠᠮ ᠪᠠ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠳᠤᠷᠠᠳᠴᠤ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ | ᠣᠷᠤᠯᠴᠠᠬᠤ ᠠᠭᠤᠯᠭ᠎ᠠ᠂ ᠣᠷᠤᠯᠴᠠᠬᠤ ᠠᠷᠭ᠎ᠠ ᠬᠡᠯᠪᠡᠷᠢ᠂ ᠣᠷᠤᠯᠴᠠᠬᠤ ᠶᠠᠪᠤᠴᠠ ᠶᠢ ᠵᠢᠭᠠᠨ ᠲᠣᠳᠣᠷᠬᠠᠶᠢᠯᠠᠵᠤ᠂ | ᠲᠣᠳᠣᠷᠬᠠᠢ ᠠᠷᠭ᠎ᠠ ᠵᠠᠮ ᠢ ᠲᠣᠭᠲᠠᠭᠠᠵᠤ᠂ ᠬᠠᠮᠢᠶᠠᠷᠤᠯᠲᠠ ᠶᠢᠨ ᠵᠢᠷᠤᠮᠵᠢᠯ ᠢ ᠲᠣᠳᠣᠷᠬᠠᠶᠢᠯᠠᠨ᠂ ᠨᠡᠶᠢᠭᠡᠮ ᠤᠨ | ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠰᠢᠨᠵᠢᠯᠡᠬᠦ ᠤᠬᠠᠭᠠᠨᠴᠢᠯᠠᠭᠰᠠᠨ᠂ | ᠳᠦᠷᠢᠮᠵᠢᠭᠰᠡᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠲᠠᠢ ᠪᠣᠯᠭᠠᠬᠤ ᠶᠢ ᠪᠠᠲᠤᠯᠠᠵᠠᠢ᠃ | ︵ᠭᠤᠷᠪᠠ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ | ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠰᠢᠷᠣᠢ ᠶᠢ | ᠵᠦᠷᠢᠶᠡᠵᠢᠬᠦᠯᠦᠨ ᠬᠡᠷᠡᠭᠯᠡᠬᠦ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠬᠦ᠂ ᠰᠢᠷᠣᠢ ᠴᠢᠯᠠᠭᠤᠨ ᠮᠠᠲ᠋ᠧᠷᠢᠶᠠᠯ ᠢ | ᠵᠦᠢ ᠵᠣᠬᠢᠰᠲᠠᠢ ᠠᠰᠢᠭᠯᠠᠬᠤ᠂ ᠣᠶ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ᠂ | ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠳᠬᠦᠨ ᠤ ᠥᠷᠲᠡᠭ ᠢ ᠪᠡᠶᠡᠯᠡᠭᠦᠯᠬᠦ ᠵᠠᠭᠪᠤᠷ ᠢ ᠬᠠᠶᠢᠨ ᠰᠦᠪᠡᠭᠴᠢᠯᠡᠬᠦ᠂ | ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠵᠡᠷᠭᠡ 6 ᠲᠠᠯ᠎ᠠ ᠪᠠᠷ | ᠨᠠᠷᠢᠯᠢᠭᠵᠢᠭᠤᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠨᠡᠶᠢᠭᠡᠮ ᠤᠨ | ᠬᠥᠷᠥᠩᠭᠡ ᠶᠢᠨ ᠠᠮᠢ ᠠᠬᠤᠢ ᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠳᠡᠮᠵᠢᠬᠦ ᠳᠤ ᠲᠥᠷᠥ ᠶᠢᠨ | ᠪᠣᠳᠣᠯᠭ᠎ᠠ ᠶᠢᠨ ᠪᠣᠳᠠᠲᠠᠢ ᠵᠢᠯᠣᠭᠤᠳᠤᠯᠭ᠎ᠠ ᠬᠠᠩᠭᠠᠪᠠ᠃ | ︵ᠳᠥᠷᠪᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ | ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠳᠤ ᠣᠷᠤᠯᠴᠠᠬᠤ ᠶᠢ ᠥᠷᠨᠢᠭᠦᠯᠬᠦ ᠶᠠᠪᠤᠴᠠ ᠳᠠᠬᠢ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ ᠶᠢ | ᠳᠤᠷᠠᠳᠴᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ | ᠴᠢᠩᠭᠠᠷᠠᠭᠤᠯᠬᠤ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠭᠡᠬᠦ 3 ᠲᠠᠯ᠎ᠠ ᠠᠴᠠ ᠪᠣᠳᠠᠲᠠᠢ | ᠱᠠᠭᠠᠷᠳᠠᠯᠭ᠎ᠠ ᠳᠤᠷᠠᠳᠪᠠ᠃ | ᠭᠤᠷᠪᠠ᠂ ︽ᠬᠡᠷᠡᠭᠵᠢᠭᠦᠯᠬᠦ ᠰᠠᠨᠠᠯ︾ ᠤᠨ ᠣᠨᠴᠠᠯᠢᠭ ᠪᠦᠬᠦᠢ ᠭᠢᠯᠠᠰ ᠴᠡᠭ | ︽ᠬᠡᠷᠡᠭᠵᠢᠭᠦᠯᠬᠦ ᠰᠠᠨᠠᠯ︾ ᠳᠤ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠲᠡᠦᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠠᠰᠢᠭᠯᠠᠬᠤ᠂ ᠠᠮᠢ ᠠᠬᠤᠢ ᠶᠢ | ᠰᠡᠷᠭᠦᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠤᠨ ᠠᠰᠢᠭᠯᠠᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ ᠶᠢᠨ ᠡᠷᠬᠡ | ᠠᠰᠢᠭ ᠢ ᠪᠡᠶᠡᠯᠡᠭᠦᠯᠬᠦ ᠭᠤᠣᠯᠳᠠᠯᠭ᠎ᠠ ᠲᠠᠢ ᠠᠷᠭ᠎ᠠ ᠵᠠᠮ ᠳᠤ ᠪᠥᠬᠦ ᠴᠣᠪᠣᠷᠠᠯ ᠤᠨ ᠲᠥᠷᠥ ᠶᠢᠨ ᠪᠣᠳᠣᠯᠭ᠎ᠠ ᠶᠢᠨ | ᠪᠣᠭᠤᠵᠢᠯᠠᠯ ᠬᠢᠵᠤ᠂ ᠡᠭᠦᠨ ᠤ ᠬᠠᠮᠲᠤ 4 ᠯᠠᠪᠯᠠᠯᠲᠠ ᠶᠢᠨ ᠲᠣᠪᠴᠢ ᠶᠢ ᠳᠠᠭᠠᠯᠳᠤᠭᠤᠯᠤᠨ᠂ ᠰᠡᠷᠭᠦᠭᠡᠬᠦ | ᠲᠥᠰᠥᠯ ᠲᠠᠢ ᠬᠠᠮᠲᠤ ᠴᠣᠬᠤᠯᠠᠪᠤᠷᠢᠯᠠᠨ ᠬᠡᠷᠡᠭᠵᠢᠭᠦᠯᠵᠦ᠂ ᠳᠠᠭᠢᠵᠤ ᠲᠤᠰᠠᠭᠠᠷ ᠬᠢᠨᠠᠨ ᠵᠥᠪᠰᠢᠶᠡᠷᠡᠬᠦ ᠦᠭᠡᠢ | ᠪᠣᠯᠭᠠᠵᠤ᠂ ᠨᠡᠶᠢᠭᠡᠮ ᠤᠨ ᠬᠥᠷᠥᠩᠭᠡ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠭᠰᠠᠨ | ᠰᠠᠭᠤᠷᠢᠨ ᠳᠡᠭᠡᠷ᠎ᠡ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠭᠦᠢᠴᠡᠳ ᠪᠠᠳᠠᠷᠠᠭᠤᠯᠪᠠ᠃ | |