ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠪᠡᠭᠡᠵᠢᠩ ᠳᠤ ᠡᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2023/2/27
    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ 26᠎ ᠤ ᠡᠳᠦᠷ ᠤᠨ ᠦᠳᠡ ᠶᠢᠨ ᠬᠤᠶᠢᠨ᠎ᠠ ᠪᠡᠭᠡᠵᠢᠩ ᠳᠤ ᠡᠬᠢᠯᠡᠨ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠠᠵᠢᠯ ᠤᠨ ᠢᠯᠡᠳᠬᠡᠯ ᠬᠢᠪᠡ᠃ ᠪᠥᠬᠦᠳᠡ ᠬᠤᠷᠠᠯ ᠠᠴᠠ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ᠡᠬᠡ ᠨᠣᠣᠷᠠᠭ︶᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠲᠠᠨᠢᠯᠴᠠᠭᠤᠯᠬᠤ ᠪᠠᠷ ᠪᠠᠶᠢᠭ᠎ᠠ ᠲᠦᠷᠦ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠨ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠳᠤ ᠲᠠᠨᠢᠯᠴᠠᠭᠤᠯᠬᠤ ᠪᠠᠷ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠨ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠨᠠᠷᠡᠰ ᠢ ᠬᠢᠨᠠᠨ ᠵᠥᠪᠯᠡᠨ᠎ᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1