2 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶ᠎ᠠ ᠳᠤ ᠰᠢᠨ᠎ᠡ ᠪᠠᠷ | ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ | ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠪᠠ ᠼᠠᠢ ᠴᠢ ᠨᠥᠬᠦᠷ ᠤᠨ | ᠰᠤᠷᠤᠯᠭ᠎ᠠ ᠲᠡᠭᠦᠰᠬᠦ ᠶᠣᠰᠣᠯᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠪᠦᠭᠦ | ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠤᠨᠤᠯ ᠢ ᠲᠦᠢᠯ ᠤᠨ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠪᠡ᠃ ᠶᠠᠷᠢᠶ᠎ᠠ ᠨᠢ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠠᠷᠠᠭ᠎ᠠ ᠠᠤᠭ᠎ᠠ ᠠᠭᠤᠳᠠᠮ᠂ ᠠᠭᠤᠯᠤᠭᠳᠠᠬᠤᠨ ᠡᠯᠪᠡᠭ ᠪᠠᠶᠠᠯᠢᠭ | ᠪᠠᠶᠢᠵᠤ᠂ ᠲᠦᠢᠯ ᠤᠨ ᠴᠢᠩᠭ᠎ᠠ ᠦᠵᠡᠯ ᠰᠠᠨᠠᠭᠠᠨ ᠤ ᠨᠡᠪᠲᠡᠯᠭᠦ ᠬᠦᠴᠦᠨ᠂ ᠤᠶᠤᠨ ᠰᠠᠨᠠᠭᠠᠨ ᠤ ᠤᠷᠢᠶᠠᠯᠠᠬᠤ | ᠬᠦᠴᠦᠨ᠂ ᠦᠢᠯᠡᠳᠦᠯᠭᠡ ᠶᠢᠨ ᠵᠢᠯᠤᠭᠤᠳᠬᠤ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠵᠥᠪ ᠢᠶᠠᠷ ᠣᠶᠢᠯᠠᠭᠠᠵᠤ᠂ ᠶᠡᠭᠡ ᠪᠠᠷ ᠠᠬᠢᠭᠤᠯᠬᠤ ᠳᠤ ᠲᠦᠢᠯ ᠤᠨ ᠴᠢᠬᠤᠯᠠ ᠵᠢᠯᠤᠭᠤᠳᠬᠤ | ᠠᠴᠢ ᠬᠤᠯᠪᠣᠭᠳᠠᠯ ᠲᠠᠢ ᠶᠤᠮ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠬᠡᠷᠬᠢᠨ ᠲᠠᠨᠢᠵᠤ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠰᠠᠶᠢᠲᠤᠷ ᠬᠡᠷᠡᠭᠯᠡᠵᠦ᠂ ᠲᠡᠭᠦᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠪᠦᠭᠦ ᠲᠠᠯ᠎ᠠ ᠪᠠᠷ ᠡᠵᠡᠮᠰᠢᠵᠦ᠂ | ᠲᠡᠭᠦᠨ ᠢ ᠦᠨᠡᠨ ᠬᠦ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠲᠠᠯ᠎ᠠ ᠪᠠ | ᠪᠦᠭᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢᠨ ᠰᠢᠢᠳᠪᠦᠷᠢᠯᠡᠭᠴᠢ | ᠴᠢᠨᠠᠷᠲᠠᠢ ᠪᠠᠲᠤᠯᠠᠭ᠎ᠠ ᠪᠤᠯᠬᠤ ᠶᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠪᠠ ᠠᠬᠢᠭᠤᠯᠬᠤ | ᠳᠤᠮᠳᠠ ᠰᠠᠶᠢᠲᠤᠷ ᠰᠢᠢᠳᠪᠦᠷᠢᠯᠡᠬᠦ ᠴᠢᠬᠤᠯᠠᠲᠠᠢ ᠠᠯᠢ ᠤᠯᠠᠨ ᠴᠢᠬᠤᠯᠠ ᠶᠡᠭᠡ ᠬᠠᠷᠢᠴᠠᠭ᠎ᠠ ᠶᠢ ᠪᠦᠭᠦ ᠲᠠᠯ᠎ᠠ ᠪᠠᠷ | ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ | ᠲᠥᠪᠯᠡᠷᠡᠭᠦᠯᠦᠨ ᠰᠠᠶᠢᠲᠤᠷ ᠬᠢᠵᠦ᠂ ᠥᠪᠥᠷ ᠮᠣᠩᠭᠤᠯ ᠤᠨ ᠶᠠᠪᠤᠳᠠᠯ ᠢ ᠨᠡᠩ ᠴᠢᠷᠮᠠᠶᠢᠨ ᠰᠠᠶᠢᠲᠤᠷ ᠬᠢᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠪᠠᠷᠢᠮᠲᠠᠯᠠᠵᠤ᠂ | ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠬᠦ ᠪᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠠᠷᠠᠳ | ᠤᠯᠠᠨ ᠢ ᠥᠷᠭᠡᠨ ᠢᠶᠠᠷ ᠲᠠᠶᠢᠴᠢᠯᠠᠵᠤ ᠪᠦᠯᠬᠦᠮᠳᠡᠭᠦᠯᠦᠨ ᠲᠡᠮᠡᠴᠡᠵᠦ᠂ ᠦᠨᠳᠦᠰᠦᠲᠡᠨ ᠨᠦᠭᠦᠳ ᠤᠨ ᠠᠷᠠᠳ | ᠲᠦᠮᠡᠨ ᠢ ᠬᠥᠲᠥᠯᠥᠨ ᠵᠢᠯᠤᠭᠤᠳᠴᠤ ᠡᠵᠡᠨ ᠬᠥᠮᠥᠨ ᠤ ᠵᠣᠷᠢᠭ ᠰᠠᠨᠠᠭ᠎ᠠ ᠪᠠᠷ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ | ᠪᠠᠯᠭᠠᠰᠤᠵᠢᠯᠲᠠ ᠶᠢᠨ ᠶᠡᠷᠦᠩᠬᠡᠢ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠥᠰᠥᠯ ︵2023 -2025 ᠣᠨ︶ | ︾ ᠢ ᠬᠢᠨᠠᠨ ᠵᠥᠪᠯᠡᠪᠡ᠃ | ᠬᠤᠷᠠᠯ ᠠᠴᠠ ᠪᠦᠭᠦ ᠤᠯᠤᠰ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ ᠰᠢᠨ᠎ᠡ ᠶᠢ ᠡᠭᠦᠳᠭᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ | ᠪᠠ ᠺᠠᠳ᠋ᠷ᠂ ᠴᠢᠳᠠᠪᠤᠷᠢᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠡᠷᠭᠡ ᠠᠵᠢᠯ ᠢ ᠰᠠᠶᠢᠲᠤᠷ | ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |