ᠵᠠᠩ ᠶᠠᠨ ᠺᠦᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠠᠷ ᠲᠣᠭᠤᠷᠢᠨ ᠦᠵᠡᠵᠡᠢ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠲᠤᠮᠲᠠᠲᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠲᠤᠮᠲᠠᠲᠤ ᠤᠯᠤᠰ ᠤᠨ ᠠᠷᠠᠳᠴᠢᠯᠠᠭᠰᠠᠨ ᠬᠤᠯᠪᠤᠭ᠎ᠠ᠂ ᠲᠤᠮᠲᠠᠲᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠲᠤᠮᠲᠠᠲᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ᠂ ᠲᠤᠮᠲᠠᠲᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ᠂ ︽9 · 3︾᠎ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠭᠤᠯᠭ᠎ᠠ ᠳᠤ ᠬᠦᠷᠴᠦ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠢ ᠡᠷᠭᠢᠨ ᠦᠵᠡᠵᠦ᠂ ᠨᠠᠮ ᠪᠦᠯᠦᠭ ᠤᠨ ᠲᠡᠦᠬᠡ ᠶᠢᠨ ᠤᠯᠠᠷᠢᠯ ᠬᠤᠪᠢᠰᠤᠯ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠵᠠᠰᠠᠭ ᠤᠨ ᠶᠠᠪᠤᠳᠠᠯ ᠳᠤ ᠣᠷᠣᠯᠴᠠᠵᠦ ᠵᠠᠰᠠᠭ ᠤᠨ ᠶᠠᠪᠤᠳᠠᠯ ᠢ ᠵᠥᠪᠯᠡᠭᠰᠡᠨ ᠵᠡᠷᠭᠡ ᠪᠠᠶᠢᠳᠠᠯ ᠢ ᠨᠠᠷᠢᠯᠢᠭ ᠣᠶᠢᠯᠠᠭᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠤᠨ ᠠᠵᠢᠯ ᠤᠨ ᠪᠠᠶᠢᠳᠠᠯ ᠪᠣᠯᠣᠨ ᠰᠠᠨᠠᠯ ᠰᠠᠨᠠᠭᠤᠯᠭ᠎ᠠ ᠶᠢ ᠰᠣᠨᠣᠰᠪᠠ᠃    ᠲᠠᠷᠠᠭ᠎ᠠ ᠳᠤᠨᠢ ᠬᠤᠷᠠᠯᠳᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠠᠩ ᠶᠠᠨ ᠺᠦᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠤᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠲᠣᠪᠤᠶᠢᠮ᠎ᠠ ᠬᠤᠪᠢ ᠨᠡᠮᠡᠷᠢ ᠶᠢ ᠨᠤᠲᠠᠯᠠᠪᠠ᠃ ᠲᠡᠷᠡ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠮᠥᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠢ ᠴᠢᠩᠭᠠᠳᠬᠠᠨ ᠲᠡᠭᠦᠯᠳᠡᠷᠵᠢᠭᠦᠯᠬᠦ ᠲᠤᠬᠠᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠳᠠᠮᠵᠢᠨ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠭᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ ᠂ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃    ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠭᠤᠷᠢᠨ ᠦᠵᠡᠬᠦ ᠪᠠ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1