ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ | 2022 ᠣᠨ ᠳᠤ᠂ ᠮᠠᠨ ᠤ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ 9 ᠲᠦᠮᠡᠨ | ᠲᠥᠭᠦᠷᠢᠭ ᠢ ᠳᠠᠪᠠᠨ᠂ 96474 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4. 2% ᠢᠶᠠᠷ | ᠨᠡᠮᠡᠭᠳᠡᠪᠡ᠃ ᠡᠨᠡ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭ᠎ᠠ ᠠᠴᠠ | ᠨᠠᠭᠠᠰᠢ 2021 ᠣᠨ ᠳᠤ ᠪᠦᠬᠦ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 8 | ᠲᠦᠮᠡᠨ ᠲᠥᠭᠦᠷᠢᠭ ᠢ ᠳᠠᠪᠠᠭᠰᠠᠨ ᠠᠴᠠ ᠬᠤᠶᠢᠰᠢ᠂ ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ | ᠶᠡᠷᠦᠩᠬᠡᠢ ᠦᠷᠲᠡᠭ ᠳᠠᠬᠢᠨ ᠨᠢᠭᠡ ᠰᠢᠨ᠎ᠡ ᠳᠡᠭᠲᠡᠷ ᠲᠤ ᠭᠠᠷᠤᠭᠰᠠᠨ ᠶᠠᠪᠤᠳᠠᠯ ᠪᠣᠯᠣᠨ᠎ᠠ᠂ ᠮᠥᠨ ᠴᠦ ᠥᠪᠥᠷ | ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠠᠩᠬ᠎ᠠ ᠤᠳᠠᠭ᠎ᠠ 9 ᠲᠦᠮᠡᠨ | ᠲᠥᠭᠦᠷᠢᠭ ᠢ ᠳᠠᠪᠠᠨ᠂ ᠪᠦᠬᠦ ᠤᠯᠤᠰ ᠲᠤ ᠨᠠᠢᠮᠠᠳᠤᠭᠠᠷ ᠲᠤ ᠵᠢᠭᠰᠠᠭᠠᠭᠳᠠᠵᠤ᠂ 2021 ᠣᠨ ᠤ ᠬᠢ ᠠᠴᠠ ᠬᠤᠶᠠᠷ | ᠪᠠᠶᠢᠷᠢ ᠳᠡᠭᠡᠭᠰᠢᠯᠡᠭᠰᠡᠨ ᠶᠠᠪᠤᠳᠠᠯ ᠪᠣᠯᠣᠨ᠎ᠠ᠃ | 2022 ᠣᠨ ᠳᠤ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠨᠥᠬᠦᠴᠡᠯ ᠪᠠ | ᠥᠭᠡᠷᠡᠴᠢᠯᠡᠯᠲᠡ ᠬᠥᠭᠵᠢᠯᠲᠡ ᠶᠢ ᠲᠣᠭᠲᠠᠪᠤᠷᠢᠵᠢᠭᠤᠯᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠦᠬᠦ | ᠣᠷᠣᠨ ᠢᠶᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠭᠤᠰᠢᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠶᠢ ᠠᠳᠬᠤᠬᠤ᠂ | ᠨᠡᠭᠡᠭᠡᠯᠲᠡ ᠶᠢ ᠥᠷᠭᠡᠳᠬᠡᠬᠦ᠂ ᠶᠡᠭᠡ ᠲᠠᠯ᠎ᠠ ᠶᠢ ᠪᠠᠲᠤᠯᠠᠬᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ | ᠣᠷᠣᠭᠤᠯᠤᠯᠲᠠ ᠪᠠᠨ ᠨᠡᠮᠡᠭᠳᠡᠭᠦᠯᠬᠦ᠂ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠢ ᠪᠤᠶᠢᠵᠢᠭᠤᠯᠬᠤ᠂ | ᠬᠥᠳᠡᠯᠭᠡᠬᠦ ᠴᠢᠳᠠᠪᠤᠷᠢ ᠶᠢ ᠰᠣᠯᠢᠬᠤ ᠶᠢ ᠪᠠᠷᠢᠮᠲᠠᠯᠠᠵᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ | ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠨ᠂ ᠡᠯ᠎ᠡ ᠵᠦᠢᠯ ᠤᠨ ᠵᠢᠱᠢᠯᠲᠡ ᠠᠴᠠ | ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠵᠢᠴᠢ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ | ᠢᠳᠡᠪᠬᠢᠲᠡᠢ ᠪᠥᠭᠡᠳ ᠪᠦᠲᠦᠮᠵᠢᠲᠡᠢ ᠠᠷᠭᠠᠴᠠᠭᠠᠵᠤ᠂ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠮ | ᠲᠦᠷᠤ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠭᠰᠠᠨ ᠢᠶᠠᠷ᠂ ᠪᠦᠬᠦ ᠣᠷᠣᠨ ᠤ ᠠᠵᠤ | ᠠᠬᠤᠢ ᠶᠢᠨ ᠠᠵᠢᠯᠯᠠᠭᠠᠨ ᠳᠤ ᠶᠡᠷᠦᠩᠬᠡᠢ ᠳᠤ ᠪᠠᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠪᠠᠶᠢᠳᠠᠯ ᠢᠯᠡᠷᠡᠵᠡᠢ᠃ 2022 ᠣᠨ ᠳᠤ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2.3 | ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ︔ ᠪᠥᠬᠦ ᠣᠷᠣᠨ ᠤ ᠬᠥᠮᠥᠨ ᠳᠤᠮᠳᠠᠴᠢ | ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10776 | ᠲᠥᠭᠦᠷᠢᠭ ᠥᠨᠳᠥᠷ ᠪᠣᠯᠵᠠᠢ᠃ | |