2 ᠰᠠᠷ᠎ᠠ ᠶᠢᠨ 13 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠤᠨ ᠰᠡᠷᠡᠮᠵᠢ ᠶᠢᠨ ᠹᠢᠯᠢᠮ ᠢ ᠵᠣᠬᠢᠶᠠᠨ ᠪᠠᠶᠢᠭᠤᠯᠤᠨ | ᠦᠵᠡᠵᠦ᠂ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | 2023 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠭᠡᠬᠦ ᠡᠨᠡ ᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠵᠤ᠂ | ᠥᠪᠥᠷ ᠮᠣᠩᠭᠤᠯ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠨ᠎ᠠ᠃ ᠣᠷᠣᠨ ᠳᠠᠶᠠᠭᠠᠷ ᠢᠯᠠᠩᠭᠤᠶ᠎ᠠ ᠬᠠᠲᠤᠨ | ᠭᠤᠣᠯ ᠳᠠᠭᠠᠤ ᠭᠠᠵᠠᠷ ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠲᠤᠨ ᠭᠤᠣᠯ ᠡᠵᠢ ᠭᠤᠣᠯ ᠢ ᠬᠠᠮᠠᠭᠠᠯᠠᠬᠤ ᠴᠢᠬᠤᠯᠠ | ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠶᠡᠭᠡ ᠬᠠᠮᠠᠭᠠᠯᠠᠯᠲᠠ ᠶᠢ ᠵᠠᠩᠭᠢᠯᠠᠭ᠎ᠠ ᠶᠢᠨ ᠡᠭᠦᠷᠭᠡ ᠪᠤᠯᠭᠠᠵᠤ᠂ ᠠᠭᠤᠯᠠ ᠤᠰᠤ ᠤᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠬᠠᠮᠵᠢᠯᠴᠠᠨ | ᠠᠬᠢᠭᠤᠯᠵᠤ᠂ ᠬᠥᠷᠥᠰᠥ ᠰᠢᠷᠣᠢ ᠶᠢᠨ ᠤᠷᠤᠰᠬᠠᠭᠳᠠᠯ ᠪᠣᠯᠣᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ | ᠳᠣᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠬᠠᠲᠤᠨ ᠭᠤᠣᠯ ᠤᠨ ᠤᠷᠤᠰᠬᠠᠯ ᠤᠨ ᠵᠠᠮ ᠢ ︽ᠳᠤᠷ᠎ᠠ ᠪᠠᠷ ᠢᠶᠠᠨ | ᠡᠵᠡᠯᠡᠨ ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ︾ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ | ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠨ ᠨᠥᠭᠦᠭᠡ ᠶᠢ | ᠮᠡᠳᠡᠵᠦ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠭᠰᠠᠨ᠂ ᠪᠠᠶᠢᠴᠠᠭᠠᠵᠤ ᠵᠢᠭᠠᠵᠤ ᠭᠠᠷᠭᠠᠭᠰᠠᠨ ᠪᠠ | ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠᠷ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ | ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠠᠮᠠ᠂ ᠬᠤᠲᠠ ᠪᠣᠯᠣᠨ | ᠠᠵᠤ ᠦᠢᠯᠡᠰ ᠤᠨ ᠬᠥᠭᠵᠢᠯᠲᠡ ᠶᠢ ᠵᠣᠬᠢᠰᠲᠠᠢ ᠪᠠᠶᠢᠷᠢᠰᠢᠭᠤᠯᠤᠨ᠂ ᠪᠣᠬᠢᠷᠳᠤᠯ ᠶᠡᠬᠡᠲᠡᠢ᠂ ᠤᠰᠤᠨ ᠤ | ᠬᠤᠷᠣᠭᠳᠠᠭᠤᠯᠤᠯ ᠶᠡᠬᠡᠲᠡᠢ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠶᠢᠨ | ᠬᠤᠭᠤᠷᠣᠨᠳᠣᠭᠢ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠲᠤᠨ ᠭᠤᠣᠯ ᠤᠨ ᠤᠰᠤ ᠶᠢ ᠰᠠᠶᠢᠲᠤᠷ | ᠬᠠᠮᠢᠶᠠᠷᠤᠨ ᠰᠠᠶᠢᠲᠤᠷ ᠬᠡᠷᠡᠭᠯᠡᠵᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠦᠷᠢᠯᠡᠨ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ᠃ | ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠪᠣᠯᠣᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠶᠢ ᠰᠠᠶᠢᠲᠤᠷ ᠠᠳᠬᠤᠵᠤ᠂ ᠬᠠᠳᠤᠨ ᠭᠤᠣᠯ ᠳᠠᠭᠠᠤ ᠭᠠᠵᠠᠷ ᠣᠷᠣᠨ ᠤ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠴᠢᠷᠮᠠᠶᠢᠨ ᠪᠤᠵᠠᠭᠠᠶᠢᠷᠠᠭᠤᠯᠵᠤ᠂ ᠬᠠᠳᠤᠨ ᠭᠤᠣᠯ ᠢ ᠬᠠᠮᠠᠭᠠᠯᠠᠬᠤ ᠪᠠ ᠵᠠᠰᠠᠬᠤ ᠳᠤ ᠬᠦᠴᠦᠲᠡᠢ | ᠪᠠᠲᠤᠯᠠᠭ᠎ᠠ ᠬᠠᠩᠭᠠᠬᠤ ᠬᠡᠷᠡᠭᠲᠡᠢ᠃ ᠬᠠᠲᠤᠨ ᠭᠤᠣᠯ ᠤᠨ ᠰᠣᠶᠣᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ | ᠥᠪᠥᠷ ᠮᠣᠩᠭᠤᠯ ᠤᠨ ︽ᠬᠠᠲᠤᠨ ᠭᠤᠣᠯ ᠤᠨ ᠥᠯᠢᠭᠡᠷ︾ ᠢ ᠰᠠᠶᠢᠲᠤᠷ ᠶᠠᠷᠢᠵᠤ᠂ ᠬᠠᠲᠤᠨ ᠭᠤᠣᠯ ᠤᠨ | ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠰᠠᠶᠢᠲᠤᠷ ᠠᠭᠤᠳᠠᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ | |