ᠤᠯᠤᠰ ᠠᠴᠠ ᠮᠠᠨ ᠤ ᠣᠷᠣᠨ ᠤ ᠣᠶᠢᠵᠢᠭᠤᠯᠤᠯᠲᠠ ᠬᠢᠬᠦ ᠨᠥᠬᠦᠪᠦᠷᠢ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠨᠥᠬᠦᠪᠦᠷᠢ ᠪᠡᠯᠡ ᠮᠥᠩᠭᠦ ᠶᠢ 3.93 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2023/3/1
    ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠤᠯᠤᠰ ᠠᠴᠠ ᠮᠠᠨ ᠤ ᠣᠷᠣᠨ ᠤ ᠣᠶᠢᠵᠢᠭᠤᠯᠤᠯᠲᠠ ᠬᠢᠬᠦ ᠨᠥᠬᠦᠪᠦᠷᠢ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠨᠥᠬᠦᠪᠦᠷᠢ ᠪᠡᠯᠡ ᠮᠥᠩᠭᠦ ᠶᠢ ᠨᠡᠶᠢᠲᠡ 3.93 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠪᠠ᠃    ᠡᠭᠦᠨ ᠳᠤ 38349 ᠲᠦᠮᠡᠨ ᠲᠥᠭᠦᠷᠢᠭ ᠤᠨ ᠣᠶᠢᠵᠢᠭᠤᠯᠤᠯᠲᠠ ᠬᠢᠬᠦ ᠨᠥᠬᠦᠪᠦᠷᠢ ᠪᠡᠯᠡ ᠮᠥᠩᠭᠦ ᠪᠠᠭᠤᠯᠭᠠᠵᠤ᠂ ᠬᠥᠮᠥᠨ ᠤ ᠬᠥᠴᠥᠨ ᠢᠶᠠᠷ ᠣᠶᠢᠵᠢᠭᠤᠯᠬᠤ᠂ ᠴᠢᠨᠠᠷ ᠮᠠᠭᠤᠲᠠᠢ ᠦᠷ᠎ᠡ ᠠᠰᠢᠭ ᠳᠣᠣᠷ᠎ᠠ ᠣᠶ ᠰᠢᠭᠤᠢ ᠶᠢ ᠥᠭᠡᠷᠡᠴᠢᠯᠡᠬᠦ ᠡᠭᠦᠷᠭᠡ ᠶᠢ ᠨᠡᠶᠢᠲᠡ 113.66 ᠲᠦᠮᠡᠨ ᠮᠦ ᠲᠣᠬᠢᠷᠠᠭᠤᠯᠪᠠ᠃ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠣᠷᠣᠨ ᠳᠤ ᠨᠥᠬᠦᠪᠦᠷᠢᠯᠡᠬᠦ 951 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠵᠤ᠂ ᠨᠢᠭᠡᠨᠲᠡ ᠪᠠᠶᠢᠭᠤᠯᠤᠭᠰᠠᠨ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠣᠷᠣᠨ ᠳᠠᠬᠢ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠪᠠ ᠨᠤᠲᠤᠭ ᠪᠡᠯᠴᠢᠭᠡᠷ ᠤᠨ ᠱᠠᠩᠨᠠᠯ ᠨᠥᠬᠦᠪᠦᠷᠢ ᠶᠢ ᠭᠥᠷᠳᠡᠭᠰᠡᠨ ᠦᠭᠡᠢ ᠲᠠᠯᠠᠪᠠᠶ ᠳᠤ ᠨᠥᠬᠦᠪᠦᠷᠢ ᠥᠭᠴᠦ᠂ ᠭᠤᠣᠯᠳᠠᠭᠤ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠣᠷᠣᠨ ᠤ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠶᠢ ᠪᠡᠯᠡ ᠮᠥᠩᠭᠦ ᠪᠠ ᠡᠭᠦᠷᠭᠡ ᠪᠠᠨ ᠲᠥᠷᠥᠯ ᠵᠦᠢᠯ ᠤᠨ ᠬᠤᠰᠢᠭᠤ ᠰᠢᠶᠠᠨ ᠳᠤ ᠳᠠᠷᠦ᠋ᠢᠬᠠᠨ ᠪᠠᠭᠤᠯᠭᠠᠵᠤ᠂ ᠡᠭᠦᠷᠭᠡ ᠪᠠᠨ ᠴᠠᠭ ᠲᠤᠬᠠᠢ ᠳᠤ ᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠥᠬᠦᠪᠦᠷᠢ ᠥᠭᠬᠦ ᠲᠥᠷᠥᠯ ᠵᠦᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠣᠨᠴᠠᠯᠢᠭᠲᠤ ᠣᠶ ᠵᠢᠮᠢᠰ᠂ ᠮᠣᠳᠣᠯᠢᠭ ᠠᠮᠤ ᠲᠣᠰᠣ ᠵᠡᠷᠭᠡ ᠠᠵᠤ ᠦᠢᠯᠡᠰ ᠢ ᠬᠥᠭᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠢᠨ ᠣᠨᠴᠠᠯᠢᠭᠲᠤ ᠣᠶ ᠵᠢᠮᠢᠰ᠂ ᠮᠣᠳᠣᠯᠢᠭ ᠠᠮᠤ ᠲᠣᠰᠣ ᠳᠠᠷᠢᠵᠤ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠨᠠᠶᠢᠯᠵᠠᠭᠤᠷ ᠬᠠᠷᠭᠠᠨ᠎ᠠ ᠶᠢᠨ ᠪᠤᠲᠠ ᠮᠣᠳᠣᠨ ᠤ ᠣᠶ ᠳᠠᠷᠢᠬᠤ ᠪᠠ ᠲᠡᠭᠰᠢ ᠬᠤᠵᠤᠤᠯ᠎ᠠ ᠪᠠᠷ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠪᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦᠷᠬᠡᠭᠵᠢᠬᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠰᠡᠶᠢᠷᠡᠭᠵᠢᠭᠰᠡᠨ ᠤᠢ ᠶᠢᠨ ᠬᠦᠢ ᠶᠢ ᠰᠡᠷᠭᠦᠭᠡᠬᠦ ᠪᠠ ᠴᠢᠨᠠᠷ ᠮᠠᠭᠤᠲᠠᠢ ᠦᠷ᠎ᠡ ᠠᠰᠢᠭ ᠳᠣᠣᠷ᠎ᠠ ᠤᠢ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠤᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠠᠬᠢᠴᠠ ᠶᠢ ᠦᠷᠭᠦᠯᠵᠢᠯᠡᠨ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠵᠠᠰᠠᠯᠲᠠ ᠶᠢᠨ ᠨᠥᠬᠦᠴᠡᠯ ᠢ ᠲᠦᠷ ᠴᠠᠭ ᠪᠦᠷᠢᠯᠳᠦᠭᠦᠯᠦᠭᠡᠳᠦᠢ ᠪᠤᠶᠤ ᠠᠮᠢ ᠠᠬᠤᠢ ᠶᠢ ᠬᠠᠮᠠᠭᠠᠯᠠᠬᠤ ᠬᠡᠷᠡᠭᠴᠡᠭᠡ ᠠᠴᠠ ᠪᠣᠯᠵᠤ ᠨᠡᠭᠡᠭᠡᠨ ᠠᠰᠢᠭᠯᠠᠬᠤ ᠳᠤ ᠲᠣᠬᠢᠷᠠᠬᠤ ᠦᠭᠡᠢ ᠵᠠᠯᠭᠠᠯᠳᠤᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠶᠢ ᠬᠡᠷᠡᠭᠵᠢᠭᠦᠯᠵᠦ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠶᠢ ᠦᠷᠭᠦᠯᠵᠢᠯᠡᠨ ︽ᠬᠤᠣᠰ ᠢᠶᠠᠷ ᠪᠠᠭᠠᠰᠬᠠᠬᠤ︾᠎ ᠶᠢ ᠪᠡᠶᠡᠯᠡᠭᠦᠯᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1