ᠰᠢᠨ᠎ᠡ ᠡᠨᠧᠷᠭᠢ ᠶᠢᠨ ᠬᠦᠷᠢᠶᠡᠨ ᠳᠤ ᠳᠠᠬᠢᠨ ᠨᠢᠭᠡ ︽ᠠᠵᠤ ᠦᠢᠯᠡᠳᠪᠦᠷᠢ ᠶᠢᠨ ᠥᠪᠥᠷ ᠮᠣᠩᠭᠤᠯ︾᠎ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/3/14
    ︽ᠥᠪᠥᠷ ᠮᠣᠩᠭᠤᠯ ᠢ ᠬᠢᠮᠢ ᠴᠢᠯᠠᠭᠤᠨ ᠲᠣᠰᠣᠨ ᠤ ᠡᠨᠧᠷᠭᠢ ᠶᠢᠨ ᠲᠣᠮᠣ ᠣᠷᠣᠨ ᠠᠴᠠ ᠴᠡᠪᠡᠷ ᠡᠨᠧᠷᠭᠢ ᠶᠢᠨ ᠲᠣᠮᠣ ᠣᠷᠣᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠦᠷᠭᠦᠯᠵᠢᠯᠡᠨ ᠰᠠᠶᠢᠲᠤᠷ ᠬᠥᠭᠵᠢᠭᠦᠯᠬᠦ ᠬᠡᠷᠡᠭᠲᠡᠢ︾᠃ ᠣᠶᠢᠷ᠎ᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠨ ᠲᠣᠭᠲᠠᠭᠤᠨ ᠤ ᠳᠤᠮᠳᠠ ᠴᠢᠨᠠᠷᠯᠢᠭ ᠤᠷᠤᠭᠰᠢᠯᠠᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠨᠡ ᠵᠢᠯ ᠮᠠᠨ ᠤ ᠣᠷᠣᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠦᠷᠭᠦᠯᠵᠢᠯᠡᠨ ᠴᠠᠭ ᠢ ᠠᠮᠵᠢᠨ ᠠᠳᠬᠤᠵᠤ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠬᠦ ᠪᠠ ᠪᠥᠬᠦ ᠠᠵᠤ ᠦᠢᠯᠡᠰ ᠤᠨ ᠬᠡᠯᠬᠢᠶ᠎ᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ ᠭᠡᠵᠡᠢ᠃    ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠶᠢ ᠠᠳᠬᠤᠬᠤ ᠲᠠᠯ᠎ᠠ ᠪᠠᠷ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠪᠠ ᠰᠢᠩᠭᠡᠬᠡᠨ ᠠᠪᠴᠤ ᠠᠰᠢᠭᠯᠠᠬᠤ ᠠᠵᠢᠯ ᠢ ᠰᠠᠶᠢᠲᠤᠷ ᠬᠢᠨ᠎ᠡ᠃ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠤᠯᠤᠭᠰᠠᠨ ᠰᠢᠨ᠎ᠡ ᠡᠨᠧᠷᠭᠢ ᠶᠢ ᠢᠵᠢ ᠪᠦᠷᠢᠳᠦᠭᠦᠯᠦᠨ ᠬᠦᠷᠭᠡᠬᠦ ᠢᠨᠵᠧᠨᠧᠷᠢᠩ ᠤᠨ ᠲᠥᠷᠥᠯ ᠵᠦᠢᠯ ᠳᠤ ᠬᠢᠨᠡᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠨᠢᠭᠡᠳᠦᠭᠡᠷ ᠪᠦᠯᠦᠭ 2020 ᠲᠦᠮᠡᠨ ᠺᠢᠯᠣᠸᠠᠲ᠂ ᠬᠤᠶᠠᠳᠤᠭᠠᠷ ᠪᠦᠯᠦᠭ 1188 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠣᠯᠣᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠠᠷᠢᠵᠤ ᠳᠠᠭᠤᠰᠬᠠᠨ ᠰᠦᠯᠵᠢᠶᠠᠨ ᠳᠤ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠪᠦᠯᠦᠭ  1170 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠠᠭᠦᠯᠬᠦ ᠶᠢ ᠠᠬᠢᠭᠤᠯᠤᠨ᠎ᠠ ︔ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠦᠷᠬᠦ᠂ ᠬᠥᠪᠴᠢ ᠠᠴᠠ ᠳᠤᠮᠳᠠ ᠵᠡᠭᠦᠨ ᠬᠡᠰᠡᠭ ᠬᠦᠷᠬᠦ᠂ ᠠᠯᠠᠱᠠ ᠠᠭᠤᠯᠠ ᠠᠴᠠ ᠳᠤᠮᠳᠠ ᠵᠡᠭᠦᠨ ᠬᠡᠰᠡᠭ ᠬᠦᠷᠬᠦ᠂ ᠤᠯᠠᠭᠠᠨᠪᠤᠬ᠎ᠠ ᠠᠴᠠ ᠤᠮᠠᠷᠠᠲᠤ ᠣᠷᠣᠨ ᠬᠦᠷᠬᠦ 4 ︽ᠡᠯᠡᠰᠦ ᠭᠤᠪᠢ ᠴᠥᠯ︾᠎ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠥᠷᠨᠢᠭᠦᠯᠦᠨ᠎ᠡ᠃ ᠴᠠᠬᠢᠯᠭᠠᠨ ᠰᠤᠷᠪᠤᠯᠵᠢ᠂ ᠴᠠᠬᠢᠯᠭᠠᠨ ᠰᠦᠯᠵᠢᠶ᠎ᠡ᠂ ᠴᠠᠬᠢᠯᠭᠠᠨ ᠠᠴᠢᠶᠠᠯᠠᠯ ᠪᠠ ᠨᠥᠭᠡᠴᠡ ᠡᠨᠧᠷᠭᠢ᠂ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠤᠨ ᠥᠭᠡᠷᠡᠴᠢᠯᠡᠯᠲᠡ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠯᠭ᠎ᠠ᠂ ᠰᠠᠯᠬᠢᠨ ᠬᠦᠴᠦᠨ ᠤ ᠴᠠᠬᠢᠯᠭᠠᠨ ᠪᠣᠯᠣᠨ ᠬᠡᠷᠡᠯ ᠴᠡᠨᠡᠭ ᠢᠶᠠᠷ ᠤᠰᠤᠲᠥ᠋ᠷᠥᠭᠴᠢ ᠦᠶ᠋ᠯᠡᠳᠬᠦ᠂ ᠪᠥᠬᠦᠨ ᠢ ᠥᠪᠡᠰᠦᠪᠡᠨ ᠦᠢᠯᠡᠳᠪᠦᠷᠢᠯᠡᠵᠦ ᠥᠪᠡᠰᠦᠪᠡᠨ ᠬᠡᠷᠡᠭᠯᠡᠬᠦ᠂ ᠨᠡᠭᠦᠷᠡᠰᠦ ᠰᠢᠲᠠᠭᠠᠵᠤ ᠥᠪᠡᠰᠦᠪᠡᠨ ᠪᠡᠯᠡᠳᠬᠡᠭᠰᠡᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠡᠭᠦᠰᠦᠮᠡᠯ ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ ᠵᠡᠷᠭᠡ ᠵᠢᠷᠭᠤᠭᠠᠨ ᠲᠥᠷᠥᠯ ᠤᠨ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠰᠢᠨ᠎ᠡ ᠡᠨᠧᠷᠭᠢ ᠶᠢ ᠰᠢᠩᠭᠡᠭᠡᠬᠦ ᠠᠰᠠᠭᠤᠳᠠᠯ ᠢ ᠣᠯᠠᠨ ᠲᠠᠯ᠎ᠠ᠂ ᠣᠯᠠᠨ ᠬᠠᠷᠠᠭᠠᠰᠤ ᠠᠴᠠ ᠰᠢᠢᠳᠪᠦᠷᠢᠯᠡᠵᠦ᠂ ᠰᠢᠨ᠎ᠡ ᠡᠨᠧᠷᠭᠢ ᠶᠢᠨ ᠲᠥᠷᠥᠯ ᠵᠦᠢᠯ ᠢ ᠨᠠᠩ ᠲᠦᠷᠭᠡᠨ ᠪᠠᠶᠢᠭᠤᠯᠬᠤ᠂ ᠪᠣᠬᠢᠷᠳᠤᠯ ᠦᠭᠡᠢ ᠴᠠᠬᠢᠯᠭᠠᠨ ᠢ ᠨᠠᠩ ᠣᠯᠠᠨ ᠬᠦᠷᠭᠡᠵᠦ᠂ ᠨᠠᠩ ᠰᠠᠶᠢᠨ ᠬᠡᠷᠡᠭᠯᠡᠬᠦ ᠶᠢ ᠠᠬᠢᠭᠤᠯᠤᠨ᠎ᠠ᠃ ᠭᠡᠷᠡᠯ ᠴᠡᠨᠡᠭ ᠢᠶᠠᠷ ᠡᠯᠡᠰᠦ ᠶᠢ ᠵᠠᠰᠠᠬᠤ᠂ ᠨᠡᠭᠦᠷᠡᠰᠦ ᠮᠠᠯᠲᠠᠭᠰᠠᠨ ᠠᠴᠠ ᠪᠣᠯᠵᠤ ᠰᠠᠭᠤᠭᠳᠠᠭᠰᠠᠨ ᠭᠠᠵᠠᠷ ᠢ ᠵᠠᠰᠠᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠬᠤ ᠵᠡᠷᠭᠡ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠲᠥᠷᠥᠯ ᠵᠦᠢᠯ᠂ ᠤᠯᠤᠰ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠲᠥᠷᠥᠯ ᠵᠦᠢᠯ ᠵᠢᠴᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠵᠡᠷᠭᠡᠯᠡᠯ ᠤᠨ ᠲᠣᠨᠣᠭᠯᠠᠯ ᠦᠶ᠋ᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠰᠡᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠳᠤ ᠱᠠᠭᠠᠷᠳᠠᠯᠭ᠎ᠠ ᠶᠣᠰᠣᠭᠠᠷ ᠵᠣᠬᠢᠬᠤ ᠬᠡᠪᠴᠢᠶᠡᠨ ᠤ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ ᠲᠥᠷᠥᠯ ᠵᠦᠢᠯ ᠢ ᠲᠣᠬᠢᠷᠠᠭᠤᠯᠤᠨ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ᠃    ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠳᠬᠤᠬᠤ ᠲᠠᠯ᠎ᠠ ᠪᠠᠷ᠂ ︽ᠣᠷᠣᠨ ᠵᠠᠢ ᠶᠢ ᠰᠠᠯᠭᠠᠬᠤ᠂ ᠵᠠᠷᠭᠡ ᠳᠤ ᠨᠢ ᠶᠠᠪᠤᠭᠳᠠᠭᠤᠯᠬᠤ ︾ ᠵᠠᠷᠴᠢᠮ ᠶᠣᠰᠣᠭᠠᠷ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠪᠠᠷ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ᠂ ᠤᠰᠤᠲᠥ᠋ᠷᠥᠭᠴᠢ ᠡᠨᠧᠷᠭᠢ ᠪᠠ ᠡᠨᠧᠷᠭᠢ ᠨᠥᠭᠡᠴᠡᠯᠡᠬᠦ ᠲᠣᠨᠣᠭᠯᠠᠯ ᠵᠡᠷᠭᠡ 4 ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠲᠠᠰᠤᠯᠳᠠᠯ ᠢ ᠵᠠᠯᠭᠠᠬᠤ᠂ ᠳᠤᠲᠠᠭᠤᠳᠠᠯ ᠢ ᠨᠥᠬᠦᠪᠦᠷᠢᠯᠡᠬᠦ ᠪᠠ ᠪᠠᠭᠤᠷᠠᠢ ᠵᠦᠢᠯᠡᠰ ᠢ ᠬᠦᠴᠦᠷᠬᠡᠭᠵᠢᠭᠦᠯᠵᠦ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠲᠣᠨᠣᠭᠯᠠᠯ ᠤᠨ ᠪᠦᠬᠦᠯᠢ ᠴᠣᠭᠴᠠ ᠶᠢᠨ ᠢᠵᠢ ᠪᠦᠷᠢᠳᠦᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠲᠥ᠋ᠷᠥᠭᠴᠢ ᠨᠥᠭᠡᠴᠡᠯᠡᠬᠦ ᠲᠣᠨᠣᠭᠯᠠᠯ ᠤᠨ ᠬᠡᠯᠬᠢᠶ᠎ᠡ ᠶᠢᠨ ᠬᠤᠭᠤᠰᠤᠨ ᠢ ᠨᠥᠬᠦᠪᠦᠷᠢᠯᠡᠨ᠎ᠡ᠃ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠣᠯᠣᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠯᠡᠭᠦᠬᠡᠨ ᠳᠡᠮᠵᠢᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠤ ᠠᠬᠤᠶᠢᠯᠠᠯ ᠤᠨ ᠣᠶᠢᠷ᠎ᠠ ᠬᠠᠪᠢ ᠠᠴᠠ ᠪᠠᠨ ᠰᠢᠨ᠎ᠡ ᠡᠨᠧᠷᠭᠢ ᠶᠢᠨ ᠲᠣᠨᠣᠭᠯᠠᠯ ᠬᠤᠳᠠᠯᠳᠤᠨ ᠠᠪᠬᠤ ᠶᠢ ᠳᠡᠮᠵᠢᠵᠦ᠂ ᠬᠥᠬᠡᠬᠤᠲᠠ ᠪᠤᠭᠤᠲᠤ ᠣᠷᠳᠣᠰ ᠲᠦᠩᠯᠢᠶᠤᠤ ᠳᠥᠷᠪᠡᠨ ᠶᠡᠭᠡ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠰᠤᠲᠥ᠋ᠷᠥᠭᠴᠢ ᠨᠥᠭᠡᠴᠡᠯᠡᠬᠦ ᠪᠥᠬᠦ ᠠᠵᠤ ᠦᠢᠯᠡᠰ ᠤᠨ ᠬᠡᠯᠬᠢᠶ᠎ᠠ ᠶᠢᠨ ᠲᠣᠨᠣᠭᠯᠠᠯ ᠦᠶ᠋ᠯᠡᠳᠬᠦ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠡᠨᠧᠷᠭᠢ ᠶᠢᠨ ᠬᠦᠷᠢᠶᠡᠨ ᠳᠤ ᠳᠠᠬᠢᠨ ᠨᠢᠭᠡ ︽ᠠᠵᠤ ᠦᠢᠯᠡᠳᠪᠦᠷᠢ ᠶᠢᠨ ᠥᠪᠥᠷ ᠮᠣᠩᠭᠤᠯ︾᠎ ᠢ ᠪᠠᠶᠢᠭᠤᠯᠬᠤ ᠪᠠᠷ ᠴᠢᠷᠮᠠᠶᠢᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1