2 ᠰᠠᠷ᠎ᠠ ᠶᠢᠨ 16 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ | ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠪᠠ᠃ | ᠬᠤᠷᠠᠯ ᠠᠴᠠ᠂ 2022 ᠣᠨ ᠳᠤ᠂ ᠪᠦᠭᠦ ᠣᠷᠣᠨ ᠤ ᠡᠯ᠎ᠡ ᠱᠠᠲᠤᠨ ᠤ ᠬᠢᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ | ᠪᠠ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ︽ | ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ | ᠯᠠᠪᠳᠠᠭᠤᠨ ᠪᠠᠲᠤᠲᠠᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠰᠠᠶᠢᠲᠤᠷ ᠬᠢᠵᠦ᠂ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠵᠦ ᠠᠰᠢᠭᠯᠠᠬᠤ ᠶᠢ ᠰᠠᠶᠢᠲᠤᠷ ᠠᠳᠬᠤᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠴᠢᠬᠤᠯᠠ ᠶᠡᠭᠡ ᠡᠭᠦᠷᠭᠡ ᠪᠣᠯᠣᠨ᠎ᠠ᠃ ᠪᠣᠳᠠᠲᠤ ᠪᠠᠶᠢᠳᠠᠯ ᠳᠤ ᠰᠠᠭᠤᠷᠢᠯᠠᠨ ︽ᠬᠤᠣᠰ ᠨᠡᠭᠦᠷᠡᠰᠦᠲᠥ᠋ᠷᠥᠭᠴᠢ︾ ᠶᠢᠨ | ᠴᠢᠬᠤᠯᠠ ᠶᠡᠭᠡ ᠰᠡᠳᠦᠪ ᠤᠨ ᠲᠤᠬᠠᠢ ᠰᠤᠳᠤᠯᠭᠠᠨ ᠢ ᠴᠢᠩᠭᠠᠳᠬᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠢᠳᠡᠪᠬᠢᠲᠡᠢ ᠣᠯᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ︽ᠬᠤᠣᠰ ᠡᠵᠡᠮᠳᠡᠯ︾ ᠪᠣᠯᠭᠠᠨ ᠬᠤᠪᠢᠷᠠᠭᠤᠯᠬᠤ ᠵᠡᠷᠭᠡ | ᠬᠦᠷᠢᠶᠡᠨ ᠳᠤ ᠤᠷᠢᠳ ᠢᠶᠠᠷ ᠲᠤᠷᠰᠢᠵᠤ ᠤᠷᠢᠳ ᠢᠶᠠᠷ ᠬᠡᠷᠡᠭᠵᠢᠭᠦᠯᠬᠦ ᠠᠵᠢᠯ ᠢ ᠴᠢᠷᠮᠠᠶᠢᠨ ᠰᠠᠶᠢᠲᠤᠷ ᠬᠢᠵᠦ᠂ | ᠤᠯᠤᠰ ᠲᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ᠃ ᠨᠡᠭᠦᠷᠡᠰᠦ᠂ ᠴᠠᠭᠢᠯᠭᠠᠨ᠂ ᠲᠣᠰᠣ᠂ ᠰᠢᠲᠠᠮᠠᠬᠠᠢ | ᠬᠡᠢ᠂ ᠰᠠᠯᠬᠢ᠂ ᠭᠡᠷᠡᠯ᠂ ᠤᠰᠤᠲᠥ᠋ᠷᠥᠭᠴᠢ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠪᠠᠭᠲᠠᠭᠠᠨ ᠰᠢᠩᠭᠡᠭᠡᠬᠦ | ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠰᠢᠪᠲᠤᠯᠤᠯᠲᠠ ᠪᠣᠯᠭᠠᠨ ︽ᠶᠡᠭᠡ ᠪᠠᠷ | ᠬᠢᠵᠦ ᠲᠦᠷᠭᠡᠨ ᠪᠦᠲᠦᠭᠡᠨ ᠪᠠᠶᠢᠭᠤᠯᠵᠤ︾ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠭᠯᠡᠯ ᠢ ᠡᠵᠡᠮᠳᠡᠵᠦ ᠨᠡᠭᠦᠷᠡᠰᠦ᠂ ᠨᠡᠭᠦᠷᠡᠰᠦ ᠪᠠᠷ ᠴᠠᠭᠢᠯᠭᠠᠨ | ᠭᠠᠷᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ | ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠪᠣᠬᠢᠷᠳᠤᠯ ᠶᠡᠬᠡᠲᠡᠢ ᠡᠨᠧᠷᠭᠢ ᠶᠢᠨ ᠬᠤᠷᠣᠭᠳᠠᠯ ᠶᠡᠬᠡᠲᠡᠢ ᠲᠥᠷᠥᠯ ᠵᠦᠢᠯ ᠢ ᠰᠣᠬᠤᠷ ᠪᠠᠯᠠᠢ ᠪᠠᠷ ᠳᠣᠣᠷ᠎ᠠ | ᠲᠦᠪᠰᠢᠨ ᠢᠶᠠᠷ ᠬᠥᠭᠵᠢᠭᠦᠯᠬᠦ ᠶᠢ ᠴᠢᠩᠭ᠎ᠠ ᠬᠢᠵᠠᠭᠠᠷᠯᠠᠵᠤ᠂ ᠰᠢᠨ᠎ᠡ ᠡᠨᠧᠷᠭᠢ ᠶᠢᠨ ᠲᠣᠨᠣᠭᠯᠠᠯ ᠦᠶ᠋ᠯᠡᠳᠭᠦ᠂ ᠰᠢᠨ᠎ᠡ | ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ ᠤ | ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ᠂ ᠪᠦᠷᠢᠯᠭᠡᠨ | ᠰᠦᠢᠳᠬᠡᠬᠦ ᠨᠢ ᠢᠴᠢᠭᠦᠷᠢ ᠭᠤᠲᠤᠮᠰᠢᠭ ᠲᠠᠢ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠵᠤ᠂ | ᠢᠯᠴᠢ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ᠂ ᠬᠤᠲᠠ ᠬᠥᠳᠡᠭᠡ ᠶᠢᠨ ᠤᠰᠤ ᠬᠡᠷᠡᠭᠯᠡᠬᠦ | ᠦᠨ᠎ᠡ ᠬᠠᠩᠰᠢ ᠶᠢᠨ ᠥᠭᠡᠷᠡᠴᠢᠯᠡᠯᠲᠡ ᠵᠡᠷᠭᠡ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠡᠬᠢ ᠪᠠᠶᠠᠯᠢᠭ ᠢ | ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠭᠰᠠᠨ ᠦᠷ᠎ᠡ ᠪᠦᠲᠦᠮᠵᠢ ᠶᠢ ᠲᠤᠰᠬᠠᠭᠰᠠᠨ ᠭᠦᠢᠴᠡᠳᠬᠡᠯ ᠲᠣᠭᠠᠨ ᠤ | ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ | ᠭᠦᠨᠵᠡᠭᠡᠶᠢᠷᠡᠭᠦᠯᠦᠨ ᠠᠬᠢᠭᠤᠯᠵᠤ᠂ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠲᠦᠢᠯᠪᠤᠷᠢᠲᠠᠢ | ᠪᠠᠶᠢᠴᠠᠭᠠᠭᠰᠠᠨ ᠦᠷ᠎ᠡ ᠪᠦᠲᠦᠮᠵᠢ ᠶᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ | |