ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠲᠠᠪᠤᠨ ᠶᠡᠭᠡ ᠡᠭᠦᠷᠭᠡ︾᠎ ᠶᠢᠨ ᠲᠤᠰᠬᠠᠢ ᠲᠥᠷᠥᠯ ᠤᠨ ᠬᠠᠤᠯᠢ ᠲᠣᠭᠲᠠᠭᠠᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
    2 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠲᠠᠪᠤᠨ ᠶᠡᠭᠡ ᠡᠭᠦᠷᠭᠡ︾᠎ ᠶᠢᠨ ᠲᠤᠰᠬᠠᠢ ᠲᠥᠷᠥᠯ ᠤᠨ ᠬᠠᠤᠯᠢ ᠲᠣᠭᠲᠠᠭᠠᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠥᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠱᠣᠣ ᠴᠥᠨ ᠬᠤᠷᠠᠯ ᠢ ᠡᠷᠬᠢᠯᠡᠵᠡᠢ᠃    ᠬᠤᠷᠠᠯ ᠠᠴᠠ᠂ ︽ᠲᠠᠪᠤᠨ ᠶᠡᠭᠡ ᠡᠭᠦᠷᠭᠡ︾᠎ ᠶᠢᠨ ᠲᠣᠭᠤᠷᠢᠨ ᠳᠤ ᠲᠤᠰᠬᠠᠢ ᠲᠥᠷᠥᠯ ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠬᠦ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠲᠠᠲᠠᠢ ᠠᠷᠭ᠎ᠠ ᠬᠡᠮᠵᠢᠶ᠎ᠡ ᠪᠠᠶᠢᠵᠤ᠂ ︽ᠬᠤᠶᠠᠷ ᠢ ᠲᠣᠭᠲᠠᠭᠠᠭᠰᠠᠨ︾᠎ ᠢ ᠡᠷᠡᠰ ᠬᠥᠷᠢᠶᠡᠯᠡᠬᠦ ᠶᠢ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠪᠤᠲᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠮᠥᠨ᠃ ᠦᠵᠡᠯ ᠰᠠᠨᠠᠭ᠎ᠠ ᠪᠠᠨ ᠨᠢᠭᠡᠳᠬᠡᠨ ᠲᠠᠨᠢᠯᠲᠠ ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1