︽ᠥᠪᠥᠷ ᠮᠣᠩᠭᠤᠯ ᠤᠨ ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ︾ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠰᠠᠦ᠋ᠳ᠋ ᠤᠨ ᠠᠷᠠᠪ ᠤᠨ ᠭᠠᠳᠠᠭᠠᠳᠤ ᠳᠠᠬᠢ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ ᠶᠠᠩ ᠶᠢᠨ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/3/14
    2 ᠳ᠋ᠤᠭᠠᠷ ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠮᠵᠢᠯᠴᠠᠨ ᠡᠷᠭᠢᠯᠡᠭᠰᠡᠨ ︽︿ᠥᠪᠥᠷ ᠮᠣᠩᠭᠤᠯ ᠤᠨ ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ﹀ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠰᠠᠦ᠋ᠳ᠋ ᠤᠨ ᠠᠷᠠᠪ ᠤᠨ ᠭᠠᠳᠠᠭᠠᠳᠤ ᠳᠠᠬᠢ ᠠᠵᠤ ᠠᠬᠤᠢ ᠠᠷᠠᠯᠵᠢᠶᠠᠨ ᠤ ᠠᠵᠢᠯᠯᠠᠭ᠎ᠠ︾᠎ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠪᠡ᠃    ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠤᠨ ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ︾ ᠰᠢᠷᠢᠰ ᠠᠵᠢᠯᠯᠠᠭ᠎ᠠ ᠶᠢᠨ ᠨᠢᠭᠡ ᠨᠢ ᠪᠠᠶᠢᠵᠤ᠂ ᠲᠣᠰ ᠠᠵᠢᠯᠯᠠᠭ᠎ᠠ ᠨᠢ ᠳ᠋ᠦᠪᠠᠢ ᠶᠢᠨ ᠲᠡᠯᠡᠶ ᠶᠢᠨ ᠪᠤᠯᠤᠩ ᠤᠨ ᠢᠳᠡᠭᠡᠨ ᠤ ᠦᠵᠡᠰᠬᠦᠯᠡᠩ ᠳᠤ ᠣᠷᠤᠯᠴᠠᠬᠤ ᠪᠠᠷ ᠭᠤᠣᠯᠯᠠᠵᠤ ᠂ ᠲᠣᠰ ᠬᠤᠭᠤᠴᠠᠭᠠᠨ ᠳᠤ ᠪᠠᠰᠠ ᠲᠠᠨᠢᠯᠴᠠᠭᠤᠯᠤᠨ ᠵᠥᠪᠳᠡᠯᠴᠡᠬᠦ᠂ ᠰᠠᠨᠠᠯ ᠢᠶᠠᠨ ᠰᠣᠯᠢᠯᠴᠠᠵᠤ ᠠᠭᠤᠯᠵᠠᠬᠤ᠂ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠠ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠪᠥᠬᠦ ᠣᠷᠣᠨ ᠤ ᠭᠠᠳᠠᠭᠠᠳᠤ ᠠᠷᠠᠯᠵᠢᠶᠠᠨ ᠤ 51 ᠠᠵᠤ ᠠᠬᠤᠶᠢᠯᠠᠯ ᠨᠡᠷ᠎ᠡ ᠮᠡᠳᠡᠭᠦᠯᠦᠨ ᠣᠷᠣᠯᠴᠠᠵᠤ᠂ ᠭᠤᠣᠯᠳᠠᠭᠤ ᠨᠡᠷᠡᠨ ᠬᠤᠸᠠᠷ ᠤᠨ ᠦᠷ᠎ᠡ᠂ ᠲᠦᠭᠦᠬᠡᠢ ᠪᠠ ᠪᠣᠯᠤᠭᠰᠠᠨ ᠦᠬᠡᠷ ᠬᠤᠨᠢᠨ ᠤ ᠮᠢᠬ᠎ᠠ᠂ ᠲᠥᠪᠡᠳ ᠬᠠᠰᠢ ᠶᠢᠨ ᠡᠭᠡᠳᠡᠩ ᠵᠡᠷᠭᠡ 11 ᠲᠥᠷᠥᠯ ᠤᠨ ᠪᠦᠲᠦᠬᠡᠭᠳᠡᠬᠦᠨ ᠳᠤ ᠬᠤᠯᠪᠣᠭᠳᠠᠵᠤ᠂ ᠮᠠᠨ ᠤ ᠣᠷᠣᠨ ᠤ ᠢᠳᠡᠭᠡᠨ ᠤ ᠲᠥᠷᠥᠯ ᠤᠨ ᠭᠠᠳᠠᠭᠠᠳᠤ ᠳᠤ ᠭᠠᠷᠭᠠᠬᠤ ᠲᠠᠸᠠᠷ ᠢ ᠦᠨᠳᠦᠰᠦᠨ ᠳᠤ ᠪᠠᠨ ᠬᠠᠮᠤᠷᠪᠠ᠃ ᠠᠵᠢᠯᠯᠠᠭ᠎ᠠ ᠶᠢᠨ ᠭᠤᠣᠯ ᠵᠣᠷᠢᠯᠭ᠎ᠠ ᠨᠢ ᠳᠤᠮᠳᠠᠳᠤ ᠳᠣᠷᠣᠨᠠᠲᠤ ᠶᠢᠨ ᠤᠯᠤᠰ ᠤᠳ ᠤᠨ ᠵᠠᠬ᠎ᠠ ᠳᠡᠯᠭᠡᠭᠦᠷ ᠢ ᠪᠠᠬᠢᠵᠢᠭᠦᠯᠦᠨ ᠥᠷᠭᠡᠳᠬᠡᠵᠦ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠨᠡᠩ ᠤᠯᠠᠨ ᠳᠠᠪᠠᠭᠤᠯᠢᠭ ᠪᠦᠲᠦᠬᠡᠭᠳᠡᠬᠦᠨ ᠢ ᠲᠠᠯᠠᠢ ᠶᠢᠨ ᠪᠤᠯᠤᠩ ᠤᠨ ᠤᠯᠤᠰ ᠤᠳ ᠲᠤ ᠪᠣᠷᠣᠯᠠᠭᠤᠯᠬᠤ ᠶᠢᠨ ᠬᠠᠮᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠳᠣᠷᠣᠨᠠᠲᠤ ᠶᠢᠨ ᠤᠯᠤᠰ ᠤᠳ ᠤᠨ ᠬᠤᠳᠠᠯᠳᠤᠭᠠᠴᠢᠨ ᠢ ᠲᠠᠲᠠᠵᠤ ᠮᠠᠨ ᠤ ᠣᠷᠣᠨ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢᠨ ᠲᠤᠰᠠᠳᠠ ᠶᠤᠮ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1