ᠬᠤᠸᠠᠩ ᡁᠢ ᠴᠢᠶᠠᠩ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠣᠭᠤᠷᠢᠭ ᠰᠢᠷᠡᠭᠡᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
    2 ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠣᠭᠤᠷᠢᠭ ᠰᠢᠷᠡᠭᠡᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠥᠪᠥᠷ ᠮᠣᠩᠭᠤᠯ ᠤᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠰᠢᠨ᠎ᠡ ᠬᠤᠳᠠᠯᠳᠤᠭᠠᠨ ᠤ ᠠᠵᠠ ᠲᠣᠬᠢᠶᠠᠯ ᠤᠨ ᠲᠤᠬᠠᠢ ᠶᠠᠷᠢᠯᠴᠠᠪᠠ᠃    ᠬᠤᠸᠠᠩ ᡁᠢ ᠴᠢᠶᠠᠩ᠂ 2023 ᠣᠨ ᠪᠣᠯ ᠥᠪᠥᠷ ᠮᠣᠩᠭᠤᠯ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢᠨ ᠠᠩᠬᠠᠨ ᠤ ᠵᠢᠯ ᠪᠣᠯᠣᠨ᠎ᠠ᠂ ᠤᠰᠤᠲᠥ᠋ᠷᠥᠭᠴᠢ ᠡᠨᠧᠷᠭᠢ ᠶᠢᠨ ᠪᠡᠯᠡ ᠣᠷᠤᠭᠤᠯᠤᠯᠲᠠ ᠶᠢᠨ ᠰᠢᠨ᠎ᠡ ᠣᠷᠣᠨ ᠵᠠᠢ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠠᠩᠬᠠᠨ ᠤ ᠳᠦᠷᠰᠦ ᠪᠠᠶᠢᠳᠠᠯ ᠢᠶᠠᠨ ᠢᠯᠡᠷᠡᠭᠦᠯᠪᠡ᠂ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠠᠰᠢᠭᠲᠠᠢ ᠪᠠᠶᠢᠳᠠᠯ ᠢ ᠲᠠᠭᠠᠨ ᠤᠷᠤᠭᠰᠢᠯᠠᠵᠤ᠂ ᠠᠰᠢᠭᠲᠠᠢ ᠪᠠᠶᠢᠳᠠᠯ ᠢ ᠲᠠᠭᠠᠨ ᠬᠦᠴᠦᠷᠬᠡᠭᠵᠢᠬᠦ ᠬᠡᠷᠡᠭᠲᠡᠢ᠃ ᠠᠵᠤ ᠠᠬᠤᠶᠢᠯᠠᠯᠲᠠᠨ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠪᠣᠯᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠢᠲᠡᠭᠡᠯ ᠲᠡᠭᠦᠯᠳᠡᠷ ᠪᠠᠶᠢᠵᠤ᠂ ᠥᠪᠥᠷ ᠮᠣᠩᠭᠤᠯ ᠢ ᠠᠵᠤ ᠠᠬᠤᠶᠢᠯᠠᠯ ᠤᠨ ᠠᠩᠬᠠᠨ ᠤ ᠡᠭᠦᠳᠦᠯᠲᠡ ᠶᠢᠨ ᠭᠠᠵᠠᠷ ᠪᠣᠯᠭᠠᠵᠤ᠂ ᠠᠳᠡ ᠪᠠᠶᠢᠭᠤᠯᠤᠭᠳᠠᠵᠤ ᠬᠦᠴᠦᠷᠬᠡᠭᠵᠢᠬᠦ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ︽ᠦᠢᠯᠡᠴᠢᠯᠡᠭᠴᠢ︾᠂ ︽ᠳᠡᠯᠭᠡᠭᠦᠷ ᠤᠨ ᠬᠤᠳᠠᠯᠳᠤᠭᠴᠢ︾ ᠪᠣᠯᠵᠤ᠂ ᠠᠵᠤ ᠠᠬᠤᠶᠢᠯᠠᠯ ᠤᠨ ᠬᠢᠨ ᠤ ᠠᠳᠡ ᠰᠡᠳᠬᠢᠯ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠵᠡᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1