ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠠᠬᠢ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/3/14
    2 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠠᠬᠢ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠲᠦᠷᠦᠭᠦᠦ ᠤᠯᠠᠷᠢᠯ ᠳᠤ ᠰᠠᠶᠢᠨ ᠡᠭᠢᠯᠡᠯᠲᠡ  ᠲᠠᠢ ᠪᠤᠯᠬᠤ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠲᠤᠰᠬᠠᠢ ᠴᠡᠭᠴᠡᠯᠡᠨ ᠵᠠᠰᠠᠯᠲᠠ ᠶᠢ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠵᠤ᠂ ᠠᠵᠢᠯ ᠢᠶᠠᠨ ᠰᠠᠶᠢᠵᠢᠷᠠᠭᠤᠯᠬᠤ ᠶᠠᠪᠤᠴᠠ ᠪᠤᠯᠭᠠᠵᠤ ᠴᠢᠩᠭ᠎ᠠ ᠠᠳᠬᠤᠨ ᠪᠣᠳᠠᠲᠠᠢ ᠠᠳᠬᠤᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠤᠷᠤᠯᠴᠠᠵᠦ ᠪᠠᠶᠠᠳᠠᠨ ᠬᠢᠵᠦ᠂ ᠠᠵᠢᠯ ᠢ ᠤᠷᠤᠭᠰᠢ ᠠᠬᠢᠭᠤᠯᠵᠤ᠂ ᠠᠰᠠᠭᠤᠳᠠᠯ ᠢ ᠣᠷᠣᠨ ᠪᠠᠶᠢᠷᠢ ᠳᠤᠨᠢ ᠭᠦᠷᠳᠡᠯ᠎ᠠ ᠬᠠᠯᠠᠨ ᠰᠠᠶᠢᠵᠢᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠰᠠᠶᠢᠨ ᠡᠭᠢᠯᠡᠯᠲᠡ ᠲᠠᠢ ᠪᠤᠯᠬᠤ ᠶᠢ ᠪᠠᠲᠤᠯᠠᠬᠤ ᠨᠢ ᠣᠳᠣᠬᠠᠨ ᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠬᠤ᠂ ᠪᠦᠭᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠵᠠᠩᠭᠢᠯᠠᠭ᠎ᠠ ᠨᠢ ᠨᠢᠭᠡᠨᠲᠡ ᠲᠣᠭᠲᠠᠭᠰᠠᠨ ᠶᠠᠪᠤᠳᠠᠯ ᠢ ᠨᠠᠶᠢᠳᠠᠪᠤᠷᠢᠵᠢᠭᠤᠯᠵᠤ᠂ ᠡᠳᠦᠷ ᠪᠦᠷᠢ᠂ ᠭᠠᠷᠠᠭ ᠪᠦᠷᠢ ᠳᠤ ᠨᠠᠶᠢᠳᠠᠪᠤᠷᠢᠵᠢᠭᠤᠯᠵᠤ᠂ ᠴᠠᠭ ᠢᠮᠠᠭᠲᠠ ᠠᠬᠢᠴᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠲᠡᠯᠡᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠮᠥᠷᠳᠡᠨ ᠦᠨᠡᠯᠡᠨ ᠵᠢᠱᠢᠵᠦ᠂ ᠪᠦᠲᠦᠮᠵᠢ ᠦᠭᠡᠢ ᠵᠦᠢᠯ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠦᠢᠯᠡᠳᠦᠯ ᠭᠠᠷᠭᠠᠭᠤᠯᠤᠨ᠂ ᠪᠦᠲᠦᠮᠵᠢ ᠲᠠᠢ ᠵᠦᠢᠯ ᠢ ᠳ᠋ᠦᠩᠨᠡᠨ ᠡᠮᠬᠢᠯᠡᠵᠦ᠂ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠡᠬᠢᠨ ᠤ ᠰᠠᠶᠢᠨ ᠡᠭᠢᠯᠡᠯᠲᠡ ᠪᠠᠷ ᠪᠦᠭᠦ ᠵᠢᠯ ᠢᠶᠠᠷ ᠢᠶᠠᠨ ᠰᠠᠶᠢᠨ ᠪᠤᠯᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠵᠦᠢᠯᠡᠰ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1