ᠪᠥᠬᠦ ᠳᠡᠯᠡᠬᠡᠢ ᠶᠢᠨ ᠠᠩᠬᠠᠳᠠᠭᠴᠢ ︽ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠦᠭᠡᠭᠡᠨᠡᠷᠡᠯ ᠢ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠮᠡᠷᠭᠡᠵᠢᠯ︾᠎ ᠨᠢ ᠠᠵᠢᠯ ᠲᠥᠷᠥᠯ ᠤᠨ ᠬᠤᠭᠤᠰᠤᠨ ᠢ ᠨᠥᠬᠦᠪᠦᠷᠢᠯᠡᠪᠡ
ᠨᠡᠶᠢᠲᠡᠯᠡᠭᠰᠡᠨ ᠴᠠᠭ᠄
2023/3/15
    2 ᠳ᠋ᠤᠭᠠᠷ ᠰᠠᠷ᠎ᠠ ᠶᠢᠨ 17᠎ ᠤ ᠡᠳᠦᠷ᠂ ᠪᠥᠬᠦ ᠳᠡᠯᠡᠬᠡᠢ ᠶᠢᠨ ᠠᠩᠬᠠᠳᠠᠭᠴᠢ ︽ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠦᠭᠡᠭᠡᠨᠡᠷᠡᠯ ᠢ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠮᠡᠷᠭᠡᠵᠢᠯ︾᠎ ᠤᠨ ᠴᠢᠬᠤᠯᠠ ᠶᠡᠭᠡ ᠰᠢᠪᠲᠤᠯᠤᠯᠲᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃ ᠣᠷᠳᠣᠰ ᠤᠨ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠨᠢ ᠪᠦᠬᠦ ᠪᠥᠮᠪᠥᠷᠴᠡᠭ ᠤᠨ ᠠᠩᠬᠠᠳᠠᠭᠴᠢ ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠦᠭᠡᠭᠡᠨᠡᠷᠡᠯ ᠢ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠦᠭᠡᠭᠡᠨᠡᠷᠡᠯ ᠢ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠠᠵᠢᠯ ᠲᠦᠷᠦᠯ ᠤᠨ ᠬᠤᠭᠤᠰᠤᠨ ᠢ ᠨᠥᠬᠦᠪᠦᠷᠢᠯᠡᠪᠡ᠃    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠣᠷᠳᠣᠰ ᠬᠤᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ︾᠎ ᠶᠢᠨ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢᠶᠠᠷ ᠲᠣᠭᠲᠠᠭᠠᠭᠳᠠᠭᠰᠠᠨ ᠶᠤᠮ᠃ ᠮᠥᠩᠭᠦᠨ ᠤᠰᠤ ᠪᠠᠭ᠎ᠠ ᠲᠦᠷᠭᠡᠳᠬᠡᠭᠦᠷ ᠤᠨ ᠮᠡᠷᠭᠡᠵᠢᠯ ᠲᠠᠢ ᠬᠠᠷᠢᠴᠠᠭᠤᠯᠪᠠᠯ᠂ ᠮᠥᠩᠭᠦᠨ ᠤᠰᠤ ᠦᠭᠡᠶᠢᠵᠢᠭᠦᠯᠦᠭᠰᠡᠨ ᠲᠦᠷᠭᠡᠳᠬᠡᠭᠦᠷ ᠤᠨ ᠮᠡᠷᠭᠡᠵᠢᠯ ᠨᠢ ᠠᠷᠤ ᠲᠠᠪᠴᠠᠩ ᠤᠨ ᠥᠨᠳᠥᠷ ᠪᠦᠲᠦᠮᠵᠢᠲᠡᠢ ᠢᠳᠡᠪᠬᠢᠵᠢᠭᠦᠯᠦᠯᠲᠡ ᠶᠢ ᠪᠡᠶᠡᠯᠡᠭᠦᠯᠵᠦ᠂ ᠾᠯᠣᠷᠲᠤ ᠡᠲ᠋ᠧᠨ ᠤ ᠪᠦᠭᠡᠭᠡᠨᠡᠷᠡᠯ ᠤᠨ ᠬᠡᠷᠡᠭᠯᠡᠭᠡᠨ ᠤ ᠠᠮᠢ ᠨᠠᠰᠤ ᠶᠢ ᠤᠷᠲᠤᠳᠬᠠᠨ᠂ ᠪᠤᠴᠠᠯᠬᠤ ᠴᠡᠭ ᠦᠨᠳᠦᠷ ᠪᠣᠳᠠᠰ ᠤᠨ ᠡᠭᠦᠰᠦᠯᠲᠡ ᠶᠢ ᠪᠠᠭᠤᠷᠠᠭᠤᠯᠵᠤ ᠂ ᠡᠴᠦᠰ ᠲᠤ ᠪᠠᠨ ᠦᠢᠯᠡᠳᠪᠦᠷᠢᠯᠡᠯ ᠤᠨ ᠶᠠᠪᠤᠴᠠ ᠪᠠ ᠦᠢᠯᠡᠳᠬᠦᠨ ᠤ ᠪᠣᠬᠢᠷᠳᠤᠯ ᠦᠭᠡᠢ ᠮᠥᠷᠲᠡᠭᠡᠨ ᠣᠷᠴᠢᠨ ᠲᠣᠭᠤᠷᠢᠨ ᠢ ᠬᠠᠮᠠᠭᠠᠯᠠᠬᠤ ᠶᠢ ᠪᠡᠶᠡᠯᠡᠭᠦᠯᠦᠭᠰᠡᠨ ᠪᠠᠶᠢᠨ᠎ᠠ᠃ ᠾᠯᠣᠷᠲᠤ ᠡᠲ᠋ᠧᠨ ᠤ ᠪᠦᠭᠡᠭᠡᠨᠡᠷᠡᠯ ᠨᠢ ᠨᠡᠶᠢᠳᠡᠮ ᠬᠡᠷᠡᠭᠯᠡᠬᠦ ᠲᠠᠪᠤᠨ ᠶᠡᠭᠡ ᠰᠦᠯᠢᠶᠥᠦ ᠶᠢᠨ ᠨᠢᠭᠡ ᠮᠥᠨ᠂ ᠮᠠᠨ ᠤ ᠤᠯᠤᠰ ᠪᠣᠯ ᠪᠦᠬᠦ ᠪᠥᠮᠪᠥᠷᠴᠡᠭ ᠤᠨ ᠾᠯᠣᠷᠲᠤ ᠡᠲ᠋ᠧᠨ ᠤ ᠪᠦᠭᠡᠭᠡᠨᠡᠷᠡᠯ ᠤᠨ ᠦᠢᠯᠡᠳᠪᠦᠷᠢᠯᠡᠬᠦ ᠴᠢᠳᠠᠪᠤᠷᠢ ᠲᠠᠢ ᠲᠣᠮᠣ ᠤᠯᠤᠰ ᠪᠣᠯᠣᠨ᠎ᠠ᠂ ᠮᠠᠨ ᠤ ᠤᠯᠤᠰ ᠤᠨ ︽ᠨᠡᠭᠦᠷᠡᠰᠦ ᠡᠯᠪᠡᠭ᠂ ᠲᠣᠰᠣ ᠳᠤᠲᠠᠮᠠᠭ᠂ ᠬᠡᠢ ᠪᠠᠭ᠎ᠠ︾ ᠡᠨᠧᠷᠭᠢ ᠶᠢᠨ ᠰᠤᠷᠪᠤᠯᠵᠢ ᠶᠢᠨ ᠪᠦᠲᠦᠴᠡ ᠠᠴᠠ ᠪᠣᠯᠵᠤ᠂ ᠾᠯᠣᠷᠲᠤ ᠡᠲ᠋ᠧᠨ ᠤ ᠪᠦᠭᠡᠭᠡᠨᠡᠷᠡᠯ ᠤᠨ ᠠᠵᠢᠯ ᠲᠦᠷᠦᠯ ᠨᠢ ᠴᠠᠬᠢᠯᠠᠭᠤᠷ ᠴᠢᠯᠠᠭᠤ ᠶᠢᠨ ᠠᠷᠭ᠎ᠠ ᠪᠠᠷ ᠦᠢᠯᠡᠳᠪᠦᠷᠢᠯᠡᠬᠦ ᠤᠷ᠎ᠠ ᠮᠡᠷᠭᠡᠵᠢᠯ ᠢᠶᠠᠷ ᠭᠤᠣᠯᠯᠠᠵᠤ᠂ ᠤᠯᠠᠮᠵᠢᠯᠠᠯᠲᠤ ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠥᠭᠡᠭᠡᠨᠡᠷᠡᠯ ᠢ ᠦᠢᠯᠡᠳᠪᠦᠷᠢᠯᠡᠬᠦ ᠳᠤ ᠵᠠᠪᠰᠠᠷ ᠤᠨ ᠪᠡᠶᠡᠲᠦ ᠾᠯᠣᠷᠲᠤ ᠡᠲ᠋ᠧᠨ ᠤ ᠨᠡᠶᠢᠯᠡᠯᠭᠡ ᠨᠢ ᠮᠥᠩᠭᠦᠨ ᠤᠰᠤ ᠠᠭᠤᠯᠤᠭᠰᠠᠨ ᠲᠦᠷᠭᠡᠳᠬᠡᠭᠦᠷ ᠢ ᠬᠡᠷᠡᠭᠯᠡᠬᠦ ᠴᠢᠬᠤᠯᠠᠲᠠᠢ ᠪᠠᠶᠢᠳᠠᠭ᠃ ᠮᠥᠩᠭᠦᠨ ᠤᠰᠤᠨ ᠤ ᠬᠡᠷᠡᠭᠯᠡᠯᠲᠡ ᠠᠴᠠ ᠪᠣᠯᠤᠭᠰᠠᠨ ᠣᠷᠴᠢᠨ ᠲᠣᠭᠤᠷᠢᠨ ᠤ ᠪᠣᠬᠢᠷᠳᠤᠯ ᠪᠠ ᠡᠷᠡᠭᠦᠯ ᠮᠡᠨᠳᠦ ᠶᠢᠨ ᠬᠥᠨᠥᠭᠡᠯ ᠢ ᠦᠷᠭᠦᠯᠵᠢᠯᠡᠨ ᠪᠠᠭᠠᠰᠬᠠᠬᠤ ᠶᠢᠨ ᠲᠤᠰᠠᠳᠠ᠂ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠵᠠᠩᠭᠢᠯᠠᠭ᠎ᠠ ᠶᠢᠨ ᠮᠡᠷᠭᠡᠵᠢᠯ ᠨᠢ ᠪᠠᠴᠢᠮ ᠰᠢᠪᠲᠤᠯᠤᠯᠲᠠ ᠬᠢᠬᠦ ᠴᠢᠬᠤᠯᠠᠲᠠᠢ ᠪᠣᠭᠤᠮᠢ ᠪᠣᠯᠵᠤ ᠪᠠᠶᠢᠵᠠᠢ᠃    ᠥᠪᠥᠷ ᠮᠣᠩᠭᠤᠯ ᠤᠨ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠣᠷᠳᠣᠰ ᠤᠨ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠠᠴᠠ 7 ᠵᠢᠯ ᠰᠤᠳᠤᠯᠤᠨ ᠨᠡᠭᠡᠭᠡᠬᠦ ᠪᠠᠷ ᠳᠠᠮᠵᠢᠨ᠂ ︽ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠦᠭᠡᠭᠡᠨᠡᠷᠡᠯ ᠢ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠮᠡᠷᠭᠡᠵᠢᠯ︾᠎ ᠨᠢ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃ ᠣᠳᠣᠬᠠᠨ ᠳᠤ᠂ ᠪᠦᠯᠦᠭᠯᠡᠯ ᠤᠨ ᠵᠢᠯ ᠤᠨ ᠦᠢᠯᠡᠳᠪᠦᠷᠢᠯᠡᠭᠰᠡᠨ 40 ᠲᠦᠮᠡᠨ ᠲᠣᠨ ᠾᠯᠣᠷᠲᠤ ᠡᠲ᠋ᠧᠨ ᠤ ᠪᠥᠭᠡᠭᠡᠨᠡᠷᠡᠯ ᠤᠨ ᠲᠦᠷᠦᠯ ᠵᠦᠢᠯ ᠳᠤ ᠨᠢᠭᠡᠨᠲᠡ ᠮᠥᠩᠭᠦᠨ ᠤᠰᠤ ᠦᠭᠡᠶᠢᠵᠢᠭᠦᠯᠦᠭᠰᠡᠨ ᠲᠦᠷᠭᠡᠳᠬᠡᠭᠦᠷ ᠢ ᠪᠦᠷᠢᠮᠦᠰᠦᠨ ᠤᠭᠰᠠᠷᠠᠵᠤ᠂ ᠮᠥᠩᠭᠦᠨ ᠤᠰᠤ ᠦᠭᠡᠶᠢᠵᠢᠭᠦᠯᠦᠨ ᠦᠢᠯᠡᠳᠪᠦᠷᠢᠯᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠠᠬᠢᠯᠠᠭᠤᠷ ᠴᠢᠯᠠᠭᠤ ᠶᠢᠨ ᠠᠷᠭ᠎ᠠ ᠪᠠᠷ ᠾᠯᠣᠷᠲᠤ ᠡᠲ᠋ᠧᠨ ᠤ ᠪᠥᠭᠡᠭᠡᠨᠡᠷᠡᠯ ᠢ ᠦᠢᠯᠡᠳᠪᠦᠷᠢᠯᠡᠬᠦ ᠠᠵᠢᠯ ᠲᠦᠷᠦᠯ ᠤᠨ ᠪᠣᠬᠢᠷᠳᠤᠯ ᠦᠭᠡᠢ ᠪᠦᠭᠡᠳ ᠦᠷᠭᠦᠯᠵᠢᠯᠡᠬᠦ᠋ᠢᠴᠡ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ︽ᠪᠣᠭᠤᠮᠢ︾ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠳᠤ ᠴᠢᠬᠤᠯᠠ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1