ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/3/15
    2 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ 2 ᠰᠠᠷ᠎ᠠ ᠶᠢᠨ 16᠎ ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ᠂ ᠮᠠᠨ ᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷ᠎ᠡ ᠬᠥᠮᠥᠨ ᠠᠮᠠ ᠣᠯᠠᠨᠲᠠᠢ ᠶᠡᠭᠡ ᠤᠯᠤᠰ ᠤᠨ ᠬᠢᠵᠢᠭ ᠶᠡᠭᠡ ᠪᠠᠷ ᠳᠡᠯᠭᠡᠷᠡᠭᠰᠡᠨ ᠪᠠᠶᠢᠳᠠᠯ ᠠᠴᠠ ᠮᠤᠯᠲᠤᠷᠠᠭᠰᠠᠨ ᠭᠠᠶᠢᠬᠠᠮᠰᠢᠭ ᠢ ᠠᠮᠵᠢᠯᠲᠠ ᠲᠠᠢ ᠡᠭᠦᠳᠦᠭᠰᠡᠨ ᠤ ᠦᠨᠳᠦᠰᠦᠨ ᠰᠢᠯᠲᠠᠭᠠᠨ ᠨᠢ ︽ᠬᠤᠶᠠᠷ ᠢ ᠲᠣᠭᠲᠠᠭᠠᠭᠰᠠᠨ︾᠎ ᠳᠤ ᠪᠠᠶᠢᠨ᠎ᠠ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠪᠠᠶᠢᠩᠭᠤᠵᠢᠭᠰᠠᠨ ᠱᠠᠲᠤᠨ ᠳᠤ ᠣᠷᠣᠭᠰᠠᠨ ᠤ ᠳᠠᠷᠠᠭ᠎ᠠ᠂ ᠪᠠᠶᠢᠳᠠᠯ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠬᠤ ᠶᠢ ᠭᠦᠢᠴᠡᠳ ᠣᠯᠵᠤ ᠬᠠᠷᠠᠬᠤ ᠪᠠᠷ ᠪᠠᠷᠠᠬᠤ ᠦᠭᠡᠢ ᠬᠢᠵᠢᠭ ᠤᠨ ᠪᠠᠶᠢᠳᠠᠯ ᠳᠤ ᠪᠠᠰᠠ ᠲᠣᠬᠲᠠᠭᠠᠯᠲᠤ ᠪᠤᠰᠤ ᠴᠢᠨᠠᠷ ᠣᠷᠣᠰᠢᠵᠤ᠂ ᠸᠢᠷᠦ᠋ᠰ ᠪᠠᠰᠠ ᠲᠠᠰᠤᠷᠠᠯᠲᠠ ᠦᠭᠡᠢ ᠣᠨᠳᠣᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ᠂ ᠴᠠᠭ ᠢᠮᠠᠭᠲᠠ ᠰᠠᠨᠠᠭᠠᠰᠢᠷᠠᠬᠤ ᠬᠠᠷᠢᠭᠤᠴᠠᠯᠭᠠᠲᠤ ᠰᠡᠳᠬᠢᠯᠭᠡ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠪᠠ ᠪᠠᠶᠢᠩᠭᠤᠵᠢᠭᠰᠠᠨ ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠱᠠᠲᠤ ᠬᠤᠭᠤᠴᠠᠭᠠᠨ  ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠭᠠᠳᠠᠭᠰᠢ ᠪᠠᠨ ᠭᠠᠷᠴᠤ ᠡᠮᠴᠢᠯᠡᠭᠡᠨ ᠤ ᠲᠤᠰᠠᠯᠠᠮᠵᠢ ᠦᠵᠡᠭᠦᠯᠭᠦ ᠪᠣᠯᠣᠨ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠠ ᠶᠡᠭᠡ ᠲᠠᠯ᠎ᠠ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠢᠶᠠᠨ ᠦᠷ᠎ᠡ ᠪᠦᠲᠦᠮᠵᠢᠲᠡᠢ ᠥᠷᠨᠢᠭᠦᠯᠵᠦ᠂ ᠭᠢᠯᠠᠰ ᠴᠡᠭ ᠤᠯᠠᠨ᠂ ᠰᠢᠪᠲᠤᠯᠤᠯᠲᠠ ᠲᠠᠢ ᠪᠣᠯᠭᠠᠪᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠡᠳᠦᠨ ᠶᠡᠭᠡ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾᠎ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢᠶᠠᠷ ᠭᠤᠣᠯᠳᠠᠭᠤᠯᠵᠤ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠬᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠵᠦ᠂ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠶᠢᠵᠤ᠂ ᠶᠣᠰᠣ ᠳᠦᠷᠢᠮ ᠪᠠ ᠳᠡᠰ ᠳᠠᠷᠠᠭᠠᠯᠠᠯ ᠶᠣᠰᠣᠭᠠᠷ ᠠᠵᠢᠯᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠭᠤᠰᠤᠨ ᠶᠠᠷᠢᠶ᠎ᠠ ᠲᠦᠷᠦ ᠶᠢ ᠰᠠᠭᠠᠲᠠᠭᠠᠵᠤ᠂ ᠪᠣᠳᠠᠲᠠᠢ ᠠᠵᠢᠯᠯᠠᠭ᠎ᠠ ᠤᠯᠤᠰ ᠢ ᠮᠠᠨᠳᠤᠭᠤᠯᠤᠨ᠎ᠠ︾ ᠭᠡᠬᠦ ᠶᠣᠰᠣ ᠶᠢ ᠪᠠᠲᠤ ᠴᠡᠭᠡᠵᠢᠯᠡᠵᠦ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ︽ᠰᠢᠢᠳᠪᠦᠷᠢᠯᠡᠬᠦ ᠰᠡᠳᠬᠢᠬᠦᠢ ᠲᠠᠢ ᠪᠠᠶᠢᠬᠤ︾᠎ ᠶᠢ ᠴᠢᠩᠭᠠᠳᠬᠠᠵᠤ᠂ ᠠᠰᠠᠭᠤᠳᠠᠯ ᠢ ᠭᠦᠨᠵᠡᠭᠡᠢ ᠰᠤᠳᠤᠯᠵᠤ᠂ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠤᠳᠤᠷᠢᠳᠬᠤ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠡᠮᠬᠢᠯᠡᠵᠦ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠢ ᠳᠤᠨᠢ ᠲᠠᠩᠰᠠ ᠲᠤᠰᠢᠶᠠᠵᠤ ᠲᠠᠩᠰᠠ ᠮᠡᠳᠡᠭᠦᠯᠭᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠠᠬᠢᠭᠤᠯᠵᠤ᠂ ᠢᠯᠠᠩᠭᠤᠶ᠎ᠠ ᠬᠦᠨᠳᠦ ᠴᠣᠬᠢᠯᠲᠠ ᠥᠭᠴᠦ ᠬᠤᠬᠢᠷᠠᠯ ᠢ ᠡᠭᠡᠭᠦᠯᠦᠨ ᠨᠥᠬᠦᠪᠦᠷᠢᠯᠡᠵᠦ᠂ ᠥᠪᠥᠷ ᠮᠣᠩᠭᠤᠯ ᠤᠨ 2400 ᠭᠠᠷᠤᠢ ᠲᠦᠮᠡᠨ ᠠᠷᠠᠳ ᠲᠦᠮᠡᠨ ᠤ ᠠᠰᠢᠭ ᠲᠤᠰᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠰᠤᠯᠠ ᠪᠠᠶᠢᠪᠠᠯ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠂ ᠤᠬᠲᠤ ᠢᠯᠳᠠᠷ ᠬᠠᠶᠠᠵᠤ ᠪᠤᠯᠬᠤ ᠦᠭᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1