ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠭᠢᠯᠡᠭᠦ ᠡᠳᠦᠷ ᠪᠤᠯᠲᠠᠯᠠᠭᠢ ᠨᠢᠭᠡ ᠵᠢᠯ ᠢ ᠲᠣᠩᠭᠤᠷᠠᠭᠤᠯᠤᠨ ᠲᠡᠮᠳᠡᠭᠯᠡᠬᠦ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠶᠠᠪᠤᠭᠳᠠᠪᠠ ᠯᠢ ᠶᠢᠩ ᠴᠤᠸᠠᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠶᠣᠣ ᠶᠦᠩ ᠪᠦᠸᠧ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/3/15
    2 ᠰᠠᠷ᠎ᠠ ᠶᠢᠨ 17᠎ ᠤ ᠡᠳᠦᠷ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠭᠢᠯᠡᠭᠦ ᠡᠳᠦᠷ ᠪᠤᠯᠲᠠᠯᠠᠭᠢ ᠨᠢᠭᠡ ᠵᠢᠯ ᠢ ᠲᠣᠩᠭᠤᠷᠠᠭᠤᠯᠤᠨ ᠲᠡᠮᠳᠡᠭᠯᠡᠬᠦ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠬᠥᠯᠥᠨ ᠪᠤᠶᠢᠷ ᠬᠤᠳᠠ ᠳᠤ ᠶᠠᠪᠤᠭᠳᠠᠪᠠ᠃    ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ ᠯᠢ ᠶᠢᠩ ᠴᠤᠸᠠᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠦᠩ ᠪᠦᠸᠧ ᠪᠠᠶᠠᠷ ᠤᠨ ᠦᠭᠡ ᠬᠡᠯᠡᠵᠡᠢ᠃    ᠶᠣᠣ ᠶᠦᠩ ᠪᠦᠸᠧ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠥᠪᠥᠷ ᠮᠣᠩᠭᠤᠯ ᠳᠤ ᠶᠠᠪᠤᠭᠳᠠᠭᠤᠯᠬᠤ ᠪᠠᠷ ᠪᠣᠯᠤᠭᠰᠠᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠮᠠᠨ ᠤ ᠣᠷᠣᠨ ᠢ ᠳᠡᠭᠡᠳᠦ ᠬᠡᠮᠵᠢᠶ᠎ᠡ ᠪᠠᠷ ᠢᠲᠡᠭᠡᠵᠦ ᠪᠠᠶᠢᠬᠤ ᠪᠠ ᠭᠦᠨ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠥᠪᠥᠷ ᠮᠣᠩᠭᠤᠯ ᠢ ᠲᠠᠨᠢᠯᠴᠠᠭᠤᠯᠤᠨ ᠦᠵᠡᠭᠦᠯᠭᠦ᠂ ᠥᠪᠥᠷ ᠮᠣᠩᠭᠤᠯ ᠢ ᠤᠬᠠᠭᠤᠯᠬᠤ᠂ ᠥᠪᠥᠷ ᠮᠣᠩᠭᠤᠯ ᠢ ᠬᠥᠭᠵᠢᠭᠦᠯᠬᠦ ᠳᠤ ᠴᠢᠬᠤᠯᠠ ᠠᠵᠠ ᠲᠣᠭᠢᠶᠠᠯ ᠪᠠ ᠲᠠᠪᠴᠠᠩ ᠬᠠᠩᠭᠠᠪᠠ᠃ ᠪᠢᠳᠡ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠥᠩᠭᠡᠷᠡᠭᠰᠡᠨ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠨ ᠲᠣᠯᠢ ᠪᠤᠯᠭᠠᠵᠤ᠂ ︽ᠪᠣᠬᠢᠷᠳᠤᠯ ᠦᠭᠡᠢ᠂ ᠬᠠᠮᠲᠤ ᠪᠠᠷ ᠡᠳ᠋ᠯᠡᠭᠦ᠂ ᠨᠡᠭᠡᠭᠡᠯᠲᠡᠲᠡᠢ᠂ ᠠᠷᠢᠭᠤᠨ ᠴᠢᠬᠡᠴᠢ︾ ᠤᠷᠤᠯᠳᠤᠭᠠᠨ ᠡᠷᠭᠢᠯᠡᠭᠦ ᠣᠶᠢᠯᠠᠭᠠᠭᠳᠠᠬᠤᠨ ᠢ ᠪᠠᠷᠢᠮᠲᠠᠯᠠᠵᠤ᠂ ︽ᠳᠠᠪᠠᠯᠲᠠ᠂ ᠭᠤᠶᠢᠳᠠ ᠰᠠᠶᠢᠬᠠᠨ᠂ ᠡᠶ᠎ᠡ ᠵᠣᠬᠢᠴᠠᠩᠭᠤᠢ᠂ ᠠᠮᠤᠷ ᠠᠮᠤᠭᠤᠯᠠᠩ︾ ᠤᠷᠤᠯᠳᠤᠭᠠᠨ ᠡᠷᠭᠢᠯᠡᠭᠦ ᠵᠣᠷᠢᠯᠲᠠ ᠶᠢ ᠪᠠᠷᠢᠮᠲᠠᠯᠠᠵᠤ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠶᠢ ᠦᠨᠡᠨ ᠬᠦ ᠪᠠᠲᠤᠯᠠᠨ᠎ᠠ ᠭᠡᠵᠦ ᠵᠢᠭᠠᠵᠤ ᠭᠠᠷᠭᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1