ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ | ᠡᠷᠭᠢᠯᠡᠵᠦ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ ᠠᠴᠠ ᠳᠠᠭᠠᠭᠠᠨ ᠡᠷᠭᠢᠯᠡᠭᠰᠡᠨ ︽ᠮᠥᠩᠭᠦᠨ ᠭᠦᠢᠯᠭᠡᠭᠡᠨ ᠢᠶᠠᠷ ᠰᠣᠶᠣᠯ ᠪᠠ ᠵᠢᠭᠤᠯᠴᠢᠯᠠᠯ ᠤᠨ | ᠠᠵᠢᠯ ᠲᠥᠷᠥᠯ ᠤᠨ ᠬᠥᠭᠵᠢᠯᠲᠡ ᠶᠢ ᠳᠡᠮᠵᠢᠬᠦ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ | ᠬᠤᠷᠠᠯ︾ ᠶᠠᠪᠤᠭᠳᠠᠵᠤ᠂ 8 ᠪᠠᠩᠬᠢ ᠠᠴᠠ ᠮᠠᠨ ᠤ ᠣᠷᠣᠨ ᠤ 14 ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠲᠠᠢ ᠪᠡᠯᠡ ᠲᠣᠬᠢᠷᠠᠭᠤᠯᠬᠤ ᠵᠢᠭᠡᠯᠡᠯᠭᠡ ᠶᠢᠨ ᠬᠡᠯᠡᠯᠴᠡᠭᠡᠷ ᠲᠣᠭᠲᠠᠵᠤ᠂ ᠰᠠᠨᠠᠮᠵᠢ ᠶᠢᠨ ᠵᠣᠭᠤᠰ ᠤᠨ | ᠲᠤᠭ᠎ᠠ ᠨᠢ 35 ᠳ᠋ᠦᠩᠰᠢᠭᠤᠷ ᠲᠥᠭᠦᠷᠢᠭ ᠲᠤ ᠬᠦᠷᠴᠡᠢ᠃ | ᠲᠤᠰ ᠤᠳᠠᠭ᠎ᠠ ᠶᠢᠨ ᠵᠣᠯᠭᠠᠭᠤᠯᠬᠤ ᠬᠤᠷᠠᠯ ᠨᠢ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ | ᠵᠣᠯᠭᠠᠭᠤᠯᠬᠤ ᠪᠠᠷ ᠳᠠᠮᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ | ᠬᠦᠴᠢᠷᠲᠡᠢ ᠠᠰᠠᠭᠤᠳᠠᠯ ᠢ ᠰᠢᠢᠳᠪᠦᠷᠢᠯᠡᠵᠦ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠳᠤ ᠮᠥᠩᠭᠦᠨ | ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠪᠥᠷ ᠮᠣᠩᠭᠤᠯ ᠢ | ᠬᠤᠪᠢ ᠪᠠᠷ ᠢᠶᠠᠨ ᠮᠠᠰᠢᠨ ᠲᠡᠷᠭᠡ ᠵᠢᠯᠣᠭᠤᠳᠤᠨ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ | ᠪᠠᠭᠤᠳᠠᠯᠯᠠᠨ ᠵᠤᠭᠠᠴᠠᠬᠤ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠪᠠᠷ ᠵᠤᠭᠠᠴᠠᠬᠤ ᠳᠤ ᠵᠠᠪᠠᠯ ᠰᠣᠩᠭᠤᠬᠤ | ᠭᠠᠵᠠᠷ᠂ ᠡᠷᠡᠭᠦᠯ ᠡᠩᠬᠡ ᠰᠤᠪᠢᠯᠠᠯᠲᠠ ᠬᠢᠵᠦ ᠵᠤᠭᠠᠴᠠᠬᠤ ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ | ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠵᠣᠷᠢᠯᠭ᠎ᠠ ᠪᠣᠯᠭᠠᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠵᠣᠯᠭᠠᠭᠤᠯᠬᠤ ᠬᠤᠷᠠᠯ ᠪᠣᠯ ᠡᠨᠡ ᠵᠢᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠠᠩᠬᠠᠳᠠᠭᠴᠢ ᠵᠠᠰᠠᠭ ᠤᠨ | ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠪᠠᠶᠢᠵᠤ᠂ ᠵᠠᠯᠭᠠᠭᠠᠳ ᠪᠠᠰᠠ ᠪᠤᠰᠤᠳ ᠠᠶᠢᠮᠠᠭ | ᠬᠤᠲᠠ ᠳᠤ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠬᠦ ᠪᠣᠯᠣᠨ᠎ᠠ᠃ | |