ᠮᠠᠨ ᠤ ᠣᠷᠣᠨ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠢ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ ᠪᠤᠢ
ᠨᠡᠶᠢᠲᠡᠯᠡᠭᠰᠡᠨ ᠴᠠᠭ᠄
2023/3/15
    ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠭᠤᠣᠯᠳᠠᠯᠭ᠎ᠠ ᠲᠠᠢ ᠬᠦᠷᠢᠶᠡᠨ ᠳᠤ ᠬᠤᠳᠠᠯᠳᠤᠭᠠᠴᠢᠨ ᠤᠷᠢᠬᠤ ᠳᠤ ᠠᠩᠬᠠᠷᠤᠯ ᠢᠶᠠᠨ ᠲᠥᠪᠯᠡᠷᠡᠭᠦᠯᠬᠦ᠂ ᠭᠤᠣᠯᠳᠠᠯᠭ᠎ᠠ ᠲᠠᠢ ᠣᠷᠣᠨ ᠬᠡᠪᠴᠢᠶᠡᠨ ᠳᠤ ᠬᠤᠳᠠᠯᠳᠤᠭᠠᠴᠢᠨ ᠤᠷᠢᠬᠤ ᠶᠢ ᠨᠢᠭᠲᠠ ᠠᠩᠬᠠᠷᠬᠤ᠂ ᠴᠢᠨᠠᠷ ᠰᠠᠶᠢᠲᠠᠢ ᠲᠠᠪᠴᠠᠩ ᠪᠠᠶᠢᠭᠤᠯᠤᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠪᠤᠢ᠃    ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠵᠢᠴᠢ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠪᠠ ᠬᠡᠯᠬᠢᠶ᠎ᠡ ᠶᠢ ᠴᠢᠩᠭᠠᠳᠬᠠᠬᠤ ᠭᠤᠣᠯᠳᠠᠯᠭ᠎ᠠ ᠲᠠᠢ ᠬᠦᠷᠢᠶ᠎ᠡ ᠪᠠ ᠭᠤᠣᠯ ᠰᠢᠪᠲᠤᠯᠤᠯᠲᠠ ᠶᠢᠨ ᠴᠢᠭᠯᠡᠯ ᠢ ᠲᠣᠭᠲᠠᠭᠠᠵᠤ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠪᠠ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠲᠥᠷᠥᠯ ᠵᠦᠢᠯ ᠢ ᠴᠢᠩᠭ᠎ᠠ ᠠᠳᠬᠤᠨ᠂ ︽ᠬᠤᠶᠠᠷ ᠵᠢᠷᠤᠭ᠂ ᠬᠤᠶᠠᠷ ᠬᠦᠰᠦᠨᠦᠭᠲᠦ᠂ ᠬᠤᠶᠠᠷ ᠬᠥᠮᠥᠷᠭᠡ᠂ ᠬᠤᠶᠠᠷ ᠵᠠᠳᠠᠯᠤᠯᠲᠠ︾᠎ ᠶᠢᠨ ᠠᠷᠭ᠎ᠠ ᠶᠢ ᠬᠡᠷᠡᠭᠯᠡᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠨ᠎ᠠ᠃ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ᠂ ᠭᠤᠣᠯᠯᠠᠬᠤ ᠠᠵᠤ ᠠᠬᠤᠶᠢᠯᠠᠯ ᠪᠠ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠦᠭᠰᠡᠨ ᠠᠵᠤ ᠠᠬᠤᠶᠢᠯᠠᠯ ᠢ ᠬᠦᠴᠦ ᠲᠠᠯᠪᠢᠨ ᠣᠷᠣᠭᠤᠯᠤᠨ ᠠᠪᠴᠢᠷᠠᠵᠤ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ᠂ ᠳᠠᠭᠠᠭᠤᠯᠤᠭᠴᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ︽ᠵᠢᠵᠢᠭ ᠠᠪᠤᠷᠭᠤ︾ ᠠᠵᠤ ᠠᠬᠤᠶᠢᠯᠠᠯ ᠢ ᠨᠢᠭᠡ ᠴᠣᠭᠴᠠᠵᠢᠭᠤᠯᠤᠨ ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠬᠡᠯᠬᠢᠶ᠎ᠡ ᠶᠢ ᠨᠥᠬᠦᠪᠦᠷᠢᠯᠡᠬᠦ᠂ ᠲᠡᠭᠦᠰᠬᠡᠯ ᠦᠵᠦᠭᠦᠷ ᠤᠨ ᠬᠡᠯᠬᠢᠶ᠎ᠡ ᠶᠢ ᠤᠷᠲᠤᠳᠬᠠᠬᠤ᠂ ᠪᠦᠬᠦᠯᠢ ᠴᠣᠭᠴᠠ ᠪᠠᠷ ᠬᠡᠯᠬᠢᠶ᠎ᠡ ᠶᠢ ᠴᠢᠩᠭᠠᠷᠠᠭᠤᠯᠬᠤ ᠶᠢ ᠠᠬᠢᠭᠤᠯᠤᠨ᠎ᠠ᠃    ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ ᠤᠨ ᠠᠵᠤ ᠠᠬᠤᠢ ᠶᠢᠨ ᠲᠣᠭᠤᠷᠢᠭ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠬᠠᠨᠳᠤᠭᠤᠯᠤᠨ᠂ ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠠᠴᠠ ᠡᠵᠡᠩᠨᠡᠭᠰᠡᠨ 500 ᠬᠦᠴᠦᠷᠬᠡᠭ᠂ ᠦᠢᠯᠡᠳᠬᠡᠯ ᠤᠨ ᠦᠢᠯᠡᠰ ᠤᠨ 500 ᠬᠦᠴᠦᠷᠬᠡᠭ ᠢ ᠣᠨᠢᠯᠠᠵᠤ᠂ ᠳᠠᠭᠠᠭᠤᠯᠤᠭᠴᠢ ᠠᠵᠤ ᠠᠬᠤᠶᠢᠯᠠᠯ᠂ ᠪᠦᠯᠦᠭᠵᠢᠯ ᠤᠨ ᠭᠤᠣᠯᠯᠠᠬᠤ ᠠᠵᠤ ᠠᠬᠤᠶᠢᠯᠠᠯ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ ᠡᠵᠡᠮᠳᠡᠵᠦ᠂ ᠡᠯ᠎ᠡ ᠠᠶᠢᠮᠠᠭ ᠬᠤᠳᠠ ᠶᠢᠨ ᠬᠤᠳᠠᠯᠳᠤᠭᠠᠴᠢᠨ ᠤᠷᠢᠵᠤ ᠵᠣᠯᠭᠠᠭᠤᠯᠬᠤ ᠠᠵᠢᠯᠯᠠᠭ᠎ᠠ ᠶᠢ ᠨᠠᠷᠢᠯᠢᠭ ᠣᠨᠣᠴᠠᠲᠠᠢ ᠥᠷᠨᠢᠭᠦᠯᠬᠦ ᠶᠢ ᠠᠬᠢᠭᠤᠯᠤᠨ᠎ᠠ᠃ ︽ᠬᠤᠨ ᠭᠠᠯᠠᠭᠤ ᠥᠪᠥᠷ ᠮᠣᠩᠭᠤᠯ ᠳᠤ ᠪᠠᠨ ᠪᠤᠴᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠬᠤᠳᠠᠯᠳᠤᠭᠠᠴᠢᠳ ᠤᠨ ᠨᠤᠲᠤᠭ ᠲᠤ ᠪᠠᠨ ᠪᠤᠴᠠᠵᠤ ᠪᠡᠯᠡ ᠣᠷᠣᠭᠤᠯᠤᠨ ᠦᠢᠯᠡᠰ ᠴᠣᠭᠴᠠᠯᠠᠬᠤ ᠶᠢ ᠤᠷᠮᠠᠰᠢᠭᠤᠯᠤᠨ ᠲᠠᠲᠠᠵᠤ᠂ ᠨᠤᠲᠤᠭ ᠤᠰᠤᠨ ᠤ ᠪᠠᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠬᠤᠳᠠᠯᠳᠤᠭᠠᠴᠢᠨ ᠤᠷᠢᠬᠤ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠥᠷᠭᠡᠨ ᠢᠶᠠᠷ ᠬᠠᠮᠲᠤᠷᠠᠯᠴᠠᠭ᠎ᠠ ᠥᠷᠨᠢᠭᠦᠯᠵᠦ᠂ ︽ᠡᠭᠦᠯᠡᠨ ᠳᠡᠭᠡᠷᠡᠬᠢ ᠬᠤᠳᠠᠯᠳᠤᠭᠠᠴᠢᠨ ᠤᠷᠢᠬᠤ︾᠂ ᠰᠤᠷᠭᠠᠭᠤᠯᠢ ᠶᠢᠨ ᠬᠠᠨᠢᠲᠠᠨ ᠤ ᠬᠤᠳᠠᠯᠳᠤᠭᠠᠴᠢᠨ ᠤᠷᠢᠬᠤ᠂ ᠮᠥᠩᠭᠦᠨ ᠭᠦᠢᠯᠭᠡᠭᠡᠨ ᠤ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ ᠵᠡᠷᠭᠡ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︽ᠤᠷᠢᠵᠤ ᠠᠪᠴᠢᠷᠠᠬᠤ︾ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ ᠤᠯᠤᠰ ᠤᠨ ᠶᠠᠮᠤᠨ ᠵᠥᠪᠯᠡᠯ ᠤᠨ ᠳᠡᠮᠵᠢᠯᠭᠡ ᠶᠢ ᠣᠯᠵᠤ ︽ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ︾᠎ ᠢ ᠡᠭᠦᠳᠦᠨ ᠡᠷᠭᠢᠯᠡᠬᠦ ᠪᠠᠷ ᠴᠢᠷᠮᠠᠶᠢᠨ᠎ᠠ᠃ ︽ᠭᠠᠷᠴᠤ ᠶᠠᠪᠤᠬᠤ︾ ᠬᠤᠳᠠᠯᠳᠤᠭᠠᠴᠢᠨ ᠤᠷᠢᠬᠤ ᠶᠢ ᠠᠬᠢᠭᠤᠯᠵᠤ᠂ ᠥᠪᠥᠷ ᠮᠣᠩᠭᠤᠯ ᠪᠡᠭᠡᠵᠢᠩ ᠲᠢᠶᠠᠨᠵᠢᠨ ᠾᠧᠪᠧᠢ ︵ᠪᠡᠭᠡᠵᠢᠩ︶᠂ ᠥᠪᠥᠷ ᠮᠣᠩᠭᠤᠯ ᠬᠥᠬᠡᠮᠥ᠋ᠷᠡᠨ ᠤ ᠭᠤᠷᠪᠠᠯᠵᠢᠨ ᠬᠤᠶᠢᠭ ︵ᠬᠠᠩᠵᠧᠦ︶᠂ ᠥᠪᠥᠷ ᠮᠣᠩᠭᠤᠯ ᠭᠤᠸᠠᠩᠳᠦ᠋ᠩ ᠰᠢᠶᠠᠩᠭᠠᠩ ᠣᠣᠮᠧᠨ ︵ᠱᠧᠨᠵᠧᠨ︶ ᠵᠡᠷᠭᠡ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠠᠵᠢᠯᠯᠠᠭ᠎ᠠ ᠶᠢ ᠡᠷᠭᠢᠯᠡᠨ᠂ ᠬᠠᠷᠠᠯᠲᠠᠲᠤ ᠬᠤᠳᠠᠯᠳᠤᠭᠠᠴᠢᠨ ᠤ ᠴᠣᠭᠴᠠ ᠳᠤ ᠠᠩᠬᠠᠷᠤᠯ ᠢᠶᠠᠨ ᠬᠠᠨᠳᠤᠭᠤᠯᠵᠤ᠂ ᠲᠡᠷᠢᠭᠦᠨ ᠤ ᠭᠠᠵᠠᠷ ᠣᠷᠣᠨ ᠤ ᠠᠵᠤ ᠦᠢᠯᠡᠰ ᠤᠨ ᠲᠥᠷᠥᠯ ᠵᠦᠢᠯ ᠤᠨ ᠰᠢᠯᠵᠢᠯᠲᠡ ᠶᠢ ᠢᠳᠡᠪᠬᠢᠲᠡᠢ ᠪᠠᠷ ᠳᠠᠭᠠᠭᠠᠨ ᠠᠪᠤᠨ᠎ᠠ᠃ ︽ᠤᠯᠤᠰ ᠠᠯᠤᠰᠯᠠᠭᠰᠠᠨ ᠺᠣᠮᠫᠠᠨᠢ ᠶᠢᠨ ᠥᠪᠥᠷ ᠮᠣᠩᠭᠤᠯ ᠳᠠᠬᠢ ᠠᠶᠠᠯᠠᠯ︾ ᠠᠵᠢᠯᠯᠠᠭ᠎ᠠ ᠶᠢ ᠡᠷᠭᠢᠯᠡᠵᠦ ᠂ ᠰᠢᠶᠠᠩᠭᠠᠩ᠂ ᠶᠠᠫᠤᠨ᠂ ᠺᠣᠷᠢᠶᠠ ᠵᠡᠷᠭᠡ ᠤᠯᠤᠰ ᠪᠠ ᠭᠠᠵᠠᠷ ᠣᠷᠣᠨ ᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃    ︽ᠥᠪᠥᠷ ᠮᠣᠩᠭᠤᠯ ᠤᠨ ᠡᠭᠦᠯᠡᠨ ᠳᠡᠭᠡᠷᠡᠬᠢ ᠬᠤᠳᠠᠯᠳᠤᠭᠠᠴᠢᠨ ᠤᠷᠢᠬᠤ︾ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠦ᠂ ᠮᠠᠨ ᠤ ᠣᠷᠣᠨ ᠤ ᠬᠤᠳᠠᠯᠳᠤᠭᠠᠴᠢᠨ ᠤᠷᠢᠬᠤ ᠲᠥᠷᠥᠯ ᠵᠦᠢᠯ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠂ ᠦᠢᠯᠡᠴᠢᠯᠡᠭᠡᠨ ᠤ ᠨᠥᠯᠥᠭᠡ ᠦᠢᠯᠡᠳᠦᠯ ᠢ ᠣᠶᠢᠯᠠᠭᠠᠬᠤ ᠨᠣᠷᠮ᠎ᠠ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢᠨ ᠰᠢᠰᠲ᠋ᠧᠮ ᠢ ᠲᠠᠰ ᠳᠡᠪᠰᠢᠭᠦᠯᠵᠦ᠂ ᠡᠳᠦᠷ ᠲᠤᠲᠤᠮ ᠤᠨ ᠲᠣᠬᠢᠷᠠᠭᠤᠯᠤᠯᠲᠠ ᠬᠢᠨᠠᠨ ᠰᠢᠨᠵᠢᠯᠲᠡ ᠪᠠ ᠵᠠᠳᠠᠯᠤᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ ᠬᠥᠳᠡᠯᠦᠩᠭᠦᠢ ᠪᠠᠷ ᠲᠡᠭᠦᠯᠳᠡᠷᠵᠢᠭᠦᠯᠵᠦ᠂ ᠴᠢᠨᠠᠷ ᠰᠠᠶᠢᠲᠠᠢ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠬᠦ ᠂ ᠨᠤᠲᠠᠯᠠᠯᠲᠠ ᠬᠢᠵᠦ ᠵᠢᠷᠤᠭᠯᠠᠨ ᠲᠥᠯᠥᠪᠯᠡᠬᠦ᠂ ᠤᠬᠠᠭᠠᠯᠠᠨ ᠰᠡᠲᠦᠵᠤ ᠪᠣᠭᠤᠳᠠᠯᠯᠠᠬᠤ᠂ ᠤᠬᠠᠭᠤᠯᠤᠨ ᠲᠠᠨᠢᠯᠴᠠᠭᠤᠯᠬᠤ᠂ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠭᠡᠷ᠎ᠡ ᠲᠣᠭᠲᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1