2 ᠰᠠᠷ᠎ᠠ ᠶᠢᠨ 21 ᠤ ᠡᠳᠦᠷ᠂ ᠸᠠᠩ ᠯᠢ ᠰᠢᠶᠠ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠭᠦ | ᠠᠩᠬᠠᠳᠠᠭᠴᠢ ᠲᠠᠯᠠᠪᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠶᠠᠳᠤᠭᠠᠷ | ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠤᠯᠠᠨ ᠲᠠᠢ ᠬᠠᠮᠲᠤ ᠪᠠᠷ ᠵᠥᠷᠢᠶ᠎ᠡ ᠪᠠᠨ ᠡᠷᠢᠵᠦ᠂ | ᠰᠡᠳᠬᠢᠮᠵᠢ ᠪᠠᠨ ᠰᠢᠯᠤᠭᠤᠳᠬᠠᠵᠤ᠂ ᠠᠷᠭ᠎ᠠ ᠰᠦᠪᠡᠭᠴᠢᠯᠡᠵᠦ᠂ ᠶᠠᠮᠠᠷ ᠠᠷᠭ᠎ᠠ ᠬᠡᠮᠵᠢᠶ᠎ᠡ ᠠᠪᠴᠤ ᠬᠥᠭᠡᠭᠡᠵᠦ | ᠭᠦᠢᠴᠡᠨ ᠳᠠᠪᠠᠨ ᠲᠦᠷᠦᠭᠦᠯᠭᠦ ᠶᠢ ᠰᠤᠳᠤᠯᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠭᠦ ᠶᠢ ᠠᠬᠢᠭᠤᠯᠬᠤ | ᠲᠤᠬᠠᠢ ᠲᠤᠰᠬᠠᠢ ᠰᠡᠳᠦᠪᠲᠦ ᠮᠡᠳᠡᠭᠦᠯᠦᠯᠲᠡ ᠬᠢᠵᠦ᠂ ᠲᠤᠭ᠎ᠠ ᠪᠠᠷᠢᠮᠲᠠ ᠶᠢ ᠵᠠᠳᠠᠯᠬᠤ᠂ ᠬᠡᠷᠡᠭ ᠤᠨ ᠵᠢᠱᠢᠶ᠎ᠡ ᠶᠢ | ᠬᠠᠷᠢᠴᠠᠭᠤᠯᠬᠤ ᠪᠠᠷ ᠳᠡᠮᠵᠢᠨ ᠠᠵᠢᠯ ᠤᠨ ᠰᠠᠨᠠᠭᠤᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠣᠰ ᠲᠣᠰ ᠤᠨ ᠬᠦᠷᠢᠶᠡᠨ ᠤ ᠬᠥᠭᠡᠭᠡᠨ ᠭᠦᠢᠴᠡᠵᠦ ᠳᠠᠪᠠᠨ | ᠲᠦᠷᠦᠭᠦᠯᠭᠦ ᠬᠠᠷᠠᠯᠲᠠ ᠪᠠ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠪᠡ᠃ | ᠸᠠᠩ ᠯᠢ ᠰᠢᠶᠠ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠪᠣᠳᠠᠲᠠᠢ ᠠᠰᠠᠭᠤᠳᠠᠯ ᠤᠨ ᠲᠤᠬᠠᠢ ᠤᠯᠠᠨ ᠲᠠᠢ | ᠰᠠᠨᠠᠯ ᠢᠶᠠᠨ ᠰᠣᠯᠢᠯᠴᠠᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠪᠠ᠃ ᠸᠠᠩ ᠯᠢ ᠰᠢᠶᠠ᠂ ᠪᠠᠶᠢᠷᠢ ᠶᠢ | ᠳᠡᠭᠡᠭᠰᠢᠯᠡᠭᠦᠯᠦᠨ ᠲᠡᠰ ᠳᠡᠪᠰᠢᠭᠦᠯᠭᠦ ᠨᠢ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠢᠮᠠᠭᠲᠠ | ᠲᠠᠯᠪᠢᠭᠰᠠᠭᠠᠷ ᠢᠷᠡᠭᠰᠡᠨ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠠᠴᠢᠶᠠᠯᠠᠵᠤ ᠪᠠᠶᠢᠨ᠎ᠠ᠃ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠯᠭᠠᠷᠠᠵᠤ ᠪᠠᠶᠢᠭ᠎ᠠ ᠠᠵᠠ ᠲᠣᠭᠢᠶᠠᠯ ᠪᠠ ᠥᠷᠢᠰᠦᠯᠳᠦᠭᠡᠨ ᠳᠤ | ᠪᠤᠰᠤᠳᠴᠢ ᠪᠠᠷ ᠬᠠᠨᠳᠤᠵᠤ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠡᠪᠦᠷᠯᠡᠨ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠱᠠᠯᠠᠪᠳᠠᠨ ᠠᠵᠢᠯᠯᠠᠬᠤ ᠬᠡᠷᠡᠭᠲᠡᠢ᠃ ᠨᠢᠭᠡ ᠳᠤ ᠶᠡᠷᠦᠩᠬᠡᠢ ᠬᠡᠮᠵᠢᠶ᠎ᠡ ᠶᠢ ᠠᠳᠬᠤᠵᠤ᠂ ᠶᠡᠭᠡ | ᠪᠠᠭ᠎ᠠ ᠶᠢ ᠠᠳᠠᠯᠢᠳᠬᠠᠵᠤ᠂ ᠮᠠᠯ ᠠᠵᠤ ᠠᠬᠤᠢ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ | ᠦᠢᠯᠡᠳᠪᠦᠷᠢ ᠶᠢᠨ ᠬᠡᠯᠬᠢᠶ᠎ᠡ ᠶᠢ ᠲᠥᠪᠯᠡᠷᠡᠭᠦᠯᠦᠨ ᠪᠦᠯᠦᠭᠵᠢᠭᠦᠯᠵᠦ᠂ ᠪᠠᠷᠢᠯᠭ᠎ᠠ ᠶᠢᠨ ᠦᠢᠯᠡᠰ ᠢ ᠴᠢᠭᠢᠷᠠᠭᠵᠢᠭᠤᠯᠵᠤ᠂ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ᠃ ᠬᠤᠶᠠᠷ ᠲᠤ ᠪᠦᠲᠦᠴᠡ ᠶᠢ ᠠᠳᠬᠤᠵᠤ᠂ ᠶᠠᠰᠤ ᠴᠢᠨᠠᠷ ᠢ ᠠᠳᠠᠯᠢᠳᠬᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ ᠪᠠ ᠭᠡᠯᠪᠡᠷᠢ ᠶᠢ ᠬᠤᠪᠢᠷᠠᠭᠤᠯᠵᠤ ᠪᠦᠲᠦᠴᠡ ᠶᠢ ᠲᠣᠬᠢᠷᠠᠭᠤᠯᠬᠤ ᠳᠡᠭᠡᠷ᠎ᠡ | ᠬᠦᠴᠦ ᠲᠠᠯᠪᠢᠬᠤ ᠬᠡᠷᠡᠭᠲᠡᠢ᠃ ᠭᠤᠷᠪᠠ ᠳᠤ ᠠᠷᠠᠯᠵᠢᠶᠠᠴᠢᠨ ᠤᠷᠢᠬᠤ ᠶᠢ ᠠᠳᠬᠤᠵᠤ᠂ ᠨᠠᠶᠢᠳᠠᠪᠤᠷᠢᠵᠢᠭᠤᠯᠬᠤ ᠶᠢ | ᠠᠳᠠᠯᠢᠳᠬᠠᠵᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠵᠤ ᠦᠢᠯᠡᠰ ᠢ ᠬᠠᠮᠢᠶᠠᠷᠬᠤ᠂ ᠠᠷᠠᠯᠵᠢᠶᠠᠴᠢᠨ | ᠤᠷᠢᠬᠤ ᠶᠢ ᠬᠠᠮᠢᠶᠠᠷᠬᠤ ᠶᠢ ᠪᠠᠷᠢᠮᠲᠠᠯᠠᠵᠤ᠂ ᠡᠯ᠎ᠡ ᠲᠢᠩᠬᠢᠮ ᠲᠣᠪᠴᠢᠶᠠᠨ ᠳᠠᠷᠤᠭ᠎ᠠ ᠠᠶᠢᠮᠠᠭ ᠬᠤᠲᠠ ᠶᠢ | ᠳᠠᠭᠠᠭᠤᠯᠤᠨ᠂ ᠠᠵᠤ ᠠᠬᠤᠶᠢᠯᠠᠯ ᠢ ᠬᠠᠪᠰᠤᠷᠴᠤ᠂ ᠲᠥᠷᠥᠯ ᠵᠦᠢᠯ ᠢ ᠠᠬᠢᠭᠤᠯᠵᠤ᠂ ᠭᠠᠷᠠᠭ ᠪᠦᠷᠢ ᠰᠢᠨ᠎ᠡ | ᠠᠬᠢᠴᠠ ᠲᠠᠢ ᠪᠠᠶᠢᠬᠤ ᠬᠡᠷᠡᠭᠲᠡᠢ᠃ ᠳᠥᠷᠪᠡ ᠳᠤ ᠲᠥᠷᠥᠯ ᠵᠦᠢᠯ ᠢ ᠠᠳᠬᠤᠵᠤ᠂ ᠠᠬᠢᠴᠠ ᠶᠢ ᠠᠳᠠᠯᠢᠳᠬᠠᠵᠤ᠂ | ᠪᠦᠭᠦ ᠬᠦᠴᠦ ᠪᠠᠨ ᠰᠢᠪᠬᠠᠨ ᠲᠥᠯᠥᠪᠵᠢᠭᠦᠯᠦᠭᠰᠡᠨ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠭᠦᠨ ᠢ ᠠᠵᠢᠯ | ᠡᠭᠢᠯᠡᠭᠦᠯᠭᠦ ᠬᠡᠷᠡᠭᠲᠡᠢ᠃ ᠲᠠᠪᠤ ᠳᠤ ᠠᠵᠤ ᠠᠬᠤᠶᠢᠯᠠᠯ ᠢ ᠠᠳᠬᠤᠵᠤ᠂ ᠭᠡᠮ ᠬᠡᠮᠵᠢᠶ᠎ᠡ ᠶᠢ ᠠᠳᠠᠯᠢᠳᠬᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠴᠥᠮ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠳᠠᠭᠠᠨ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠵᠢᠷᠭᠤᠭ᠎ᠠ ᠳᠤ ᠠᠷᠪᠢᠯᠠᠨ ᠭᠠᠮᠨᠠᠬᠤ ᠶᠢ ᠠᠳᠬᠤᠵᠤ᠂ | ᠦᠷ᠎ᠡ ᠠᠰᠢᠭ ᠢ ᠠᠳᠠᠯᠢᠳᠬᠠᠵᠤ᠂ ᠪᠦᠳᠦᠭᠦᠯᠢᠭ ᠮᠠᠶ᠋ᠢᠭ ᠤᠨ ᠬᠥᠭᠵᠢᠯᠲᠡ ᠶᠢᠨ ᠠᠷᠭ᠎ᠠ ᠮᠠᠶ᠋ᠢᠭ ᠢ | ᠨᠠᠷᠢᠯᠢᠭᠵᠢᠭᠤᠯᠤᠭᠰᠠᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠣᠯᠤᠭ᠎ᠠ ᠳᠤ | ᠣᠷᠴᠢᠨ ᠨᠥᠬᠦᠴᠡᠯ ᠢ ᠠᠳᠬᠤᠵᠤ᠂ ᠦᠢᠯᠡᠴᠢᠯᠡᠭᠡ ᠶᠢ ᠠᠳᠠᠯᠢᠳᠬᠠᠵᠤ᠂ ᠵᠠᠰᠠᠭ ᠤᠨ ᠣᠷᠳᠣᠨ ᠤ ᠦᠢᠯᠡᠳᠦᠯ | ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠦᠢᠯᠡᠴᠢᠯᠡᠭᠡ ᠰᠠᠶᠢᠨ ᠡᠰᠡᠬᠦ ᠶᠢ ᠠᠵᠤ ᠠᠬᠤᠶᠢᠯᠠᠯ ᠪᠠ ᠣᠯᠠᠨ ᠲᠦᠮᠡᠨ ᠢᠶᠠᠷ | ᠦᠨᠡᠯᠡᠭᠦᠯᠭᠦ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠴᠢ᠊ ᠪᠠᠲᠤ᠂ ᠪᠦᠦ ᠰᠢᠶᠠᠨ ᠬᠤᠸᠠ᠂ | ᠵᠧᠩ ᠭᠤᠸᠠᠩ ᠵᠤᠤ᠂ ᠪᠠᠢ ᠴᠢᠩ ᠶᠤᠸᠠᠨ᠂ ᠶᠠᠩ ᠵᠢᠶᠧ ᠣᠷᠣᠯᠴᠠᠵᠠᠢ᠃ | |