ᠰᠦᠨ ᠱᠤᠤ ᠴᠧᠩ ᠸᠠᠩ ᠯᠢ ᠰᠢᠶᠠ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠬᠤ ᠠᠵᠢᠯ ᠢ ᠵᠢᠭᠠᠨ ᠵᠢᠯᠣᠭᠤᠳᠪᠠ ᠸᠠᠩ ᠰᠢᠶᠠᠩ ᠰᠢ ᠵᠢᠯᠤᠭᠤᠳᠬᠤ ᠰᠠᠨᠠᠯ ᠳᠤᠷᠠᠳᠴᠠᠢ
ᠨᠡᠶᠢᠲᠡᠯᠡᠭᠰᠡᠨ ᠴᠠᠭ᠄
2023/3/17
    2 ᠰᠠᠷ᠎ᠠ ᠶᠢᠨ 22᠎ ᠤᠨ 13 ᠴᠠᠭ ᠤᠨ ᠦᠶ᠎ᠡ ᠪᠠᠷ᠂ ᠮᠠᠨ ᠤ ᠣᠷᠣᠨ ᠤ ᠠᠯᠠᠱᠠ ᠵᠡᠭᠦᠨ ᠬᠤᠰᠢᠭᠤᠨ ᠤ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠡᠭᠦᠷᠡᠵᠦ᠂ ᠤᠯᠠᠨ ᠬᠥᠮᠥᠨ ᠬᠤᠯᠪᠤᠭ᠎ᠠ ᠲᠠᠰᠤᠷᠠᠬᠰᠠᠨ ᠪᠠ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠨ᠎ᠠ᠃ ᠠᠳᠡᠯ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠡᠷᠡ ᠳᠠᠷᠤᠢ ᠳᠤᠨᠢ ᠪᠠᠶᠢᠷᠢᠯᠠᠭᠤᠯᠤᠯᠲᠠ ᠬᠢᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠠᠷᠤᠢ ᠲᠦᠷᠭᠡᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠪᠠᠭᠠᠰᠬᠠᠵᠤ᠂ ᠠᠯᠢ ᠲᠦᠷᠭᠡᠨ ᠢᠶᠠᠷ ᠨᠠᠷᠢᠨ ᠪᠠᠶᠢᠳᠠᠯ ᠢ ᠣᠶᠢᠯᠠᠭᠠᠵᠤ᠂ ᠴᠠᠭ ᠲᠤᠬᠠᠢ ᠳᠤᠨᠢ ᠮᠡᠳᠡᠭᠦᠯᠭᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠤ ᠨᠠᠶᠢᠳᠠᠵᠤ ᠲᠤᠬᠠᠢ ᠶᠢᠨ ᠲᠠᠯᠠᠪᠠᠶ ᠳᠤ ᠬᠦᠷᠴᠦ ᠠᠪᠤᠷᠠᠨ ᠲᠤᠰᠠᠯᠠᠬᠤ ᠠᠵᠢᠯ ᠢ ᠵᠢᠭᠠᠨ ᠵᠢᠯᠣᠭᠤᠳᠤᠭᠤᠯᠪᠠ᠃ ᠠᠵᠢᠯ ᠤᠨ ᠰᠢᠨ᠎ᠡ ᠠᠬᠢᠴᠠ ᠶᠢ ᠤᠯᠠᠮ ᠴᠢᠨᠠᠭᠰᠢᠳᠠ ᠣᠶᠢᠯᠠᠭᠠᠭᠰᠠᠨ ᠤ ᠲᠠᠷᠠᠭ᠎ᠠ᠂ ᠰᠦᠨ ᠱᠤᠤ ᠴᠧᠩ ᠠᠪᠤᠷᠠᠨ ᠲᠤᠰᠠᠯᠠᠬᠤ ᠠᠵᠢᠯ ᠳᠤ ᠴᠣᠬᠤᠯᠠᠪᠤᠷᠢ ᠥᠭᠴᠦ᠂ ᠬᠤᠯᠪᠣᠭᠳᠠᠯ ᠪᠦᠬᠦᠢ ᠠᠵᠢᠯ ᠢ ᠤᠯᠠᠨ ᠲᠠᠯ᠎ᠠ ᠠᠴᠠ ᠲᠣᠬᠢᠷᠠᠭᠤᠯᠤᠭᠰᠠᠨ ᠪᠥᠭᠡᠳ ᠵᠢᠰᠢᠶᠠᠨ ᠤ ᠨᠢᠰᠬᠡᠯ ᠢ ᠵᠣᠬᠢᠴᠠᠭᠤᠯᠤᠨ ᠲᠣᠬᠢᠷᠠᠭᠤᠯᠵᠤ ᠰᠥᠨᠢ ᠪᠠᠷ ᠠᠳᠡᠯ ᠤᠨ ᠲᠤᠬᠠᠢ ᠶᠢᠨ ᠲᠠᠯᠠᠪᠠᠢ ᠳᠤ ᠬᠦᠷᠴᠡᠢ᠃    23᠎ ᠤ ᠥᠷᠯᠥᠭᠡ ᠶᠢᠨ 2 ᠴᠠᠭ ᠤᠨ ᠦᠶ᠎ᠡ ᠪᠠᠷ᠂ ᠰᠦᠨ ᠱᠤᠤ ᠴᠧᠩ ᠠᠳᠡᠯ ᠭᠠᠷᠤᠭᠰᠠᠨ ᠨᠡᠭᠦᠷᠡᠰᠦᠨ ᠠᠭᠤᠷᠬᠠᠢ ᠶᠢᠨ ᠠᠯᠪᠠᠯᠠᠬᠤ ᠲᠣᠭᠤᠷᠢᠭ ᠲᠤ ᠭᠦᠷᠦᠮᠡᠭᠴᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠸᠠᠩ ᠰᠢᠶᠠᠩ ᠰᠢ᠂ ᠸᠠᠩ ᠯᠢ ᠰᠢᠶᠠ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠢ ᠮᠡᠷᠭᠡᠵᠢᠯᠲᠡᠳ ᠲᠠᠢ ᠬᠠᠮᠲᠤ ᠠᠪᠤᠷᠠᠨ ᠲᠤᠰᠠᠯᠠᠬᠤ ᠠᠵᠢᠯ ᠢ ᠰᠤᠳᠤᠯᠪᠠ᠃ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠳᠡᠭᠡᠷ᠎ᠡ᠂ ᠸᠠᠩ ᠰᠢᠶᠠᠩ ᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠠᠶᠤᠯ ᠠᠴᠠ ᠠᠪᠤᠷᠠᠨ ᠲᠤᠰᠠᠯᠠᠬᠤ᠂ ᠡᠭᠦᠰᠦᠮᠡᠯ ᠭᠠᠮᠰᠢᠭ ᠢ ᠴᠢᠩᠭ᠎ᠠ ᠰᠡᠷᠭᠡᠶᠢᠯᠡᠬᠦ᠂ ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ᠂ ᠠᠳᠡᠯ ᠭᠠᠷᠤᠭᠰᠠᠨ ᠰᠢᠯᠲᠠᠭᠠᠨ ᠢ ᠪᠠᠶᠢᠴᠠᠭᠠᠨ ᠲᠣᠳᠣᠯᠠᠬᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠳᠤᠷᠠᠳᠴᠠᠢ᠃ ᠰᠦᠨ ᠱᠤᠤ ᠴᠧᠩ᠂ ᠡᠨᠡ ᠤᠳᠠᠭ᠎ᠠ ᠶᠢᠨ ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠤᠨ ᠪᠠᠶᠢᠳᠠᠯ ᠨᠢ ᠬᠦᠨᠳᠦ ᠨᠣᠴᠢᠲᠠᠢ᠂ ᠵᠢᠷᠦᠬᠡ ᠰᠢᠮᠰᠢᠷᠡᠮᠡᠷ᠂ ᠠᠪᠤᠷᠠᠨ ᠲᠤᠰᠠᠯᠠᠬᠤ ᠠᠵᠢᠯ ᠲᠦᠢᠯ ᠤᠨ ᠪᠠᠴᠢᠮ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠵᠢᠯᠯᠠᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠢᠭᠡ ᠳᠤ ᠬᠠᠮᠤᠭ ᠤᠨ ᠶᠡᠭᠡ ᠴᠢᠷᠮᠠᠶᠢᠯᠭ᠎ᠠ᠂ ᠬᠠᠮᠤᠭ ᠤᠨ ᠲᠦᠷᠭᠡᠨ ᠬᠤᠷᠳᠤᠴᠠ ᠪᠠᠷ ᠬᠤᠯᠪᠤᠭ᠎ᠠ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠠᠵᠢᠯᠲᠠᠨ ᠤ ᠬᠦᠴᠦᠨ ᠪᠠ ᠠᠪᠤᠷᠠᠨ ᠲᠤᠰᠠᠯᠠᠬᠤ ᠲᠥᠬᠦᠭᠡᠷᠦᠮᠵᠢ ᠶᠢ ᠭᠦᠢᠴᠡᠳ ᠪᠡᠯᠡᠳᠬᠡᠵᠦ᠂ ᠴᠠᠭ ᠮᠥᠴᠡ ᠶᠢ ᠠᠯᠳᠠᠯ ᠦᠭᠡᠢ ᠴᠢᠷᠮᠠᠶᠢᠵᠤ᠂ ᠡᠷᠢᠵᠦ ᠠᠪᠤᠷᠠᠬᠤ ᠠᠵᠢᠯ ᠢ ᠵᠣᠭᠰᠣᠯᠲᠠ ᠦᠭᠡᠢ ᠥᠷᠨᠢᠭᠦᠯᠬᠦ ᠬᠡᠷᠡᠭᠲᠡᠢ᠃ ᠬᠤᠶᠠᠷ ᠲᠤ ᠰᠢᠨᠵᠢᠯᠡᠬᠦ ᠤᠬᠠᠭᠠᠨᠴᠢ ᠠᠮᠤᠷ ᠲᠦᠪᠰᠢᠨ ᠢᠶᠠᠷ ᠠᠪᠤᠷᠠᠯᠳᠠ ᠬᠢᠵᠦ᠂ ᠡᠭᠦᠰᠦᠮᠡᠯ ᠭᠠᠮᠰᠢᠭ ᠡᠭᠦᠰᠭᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠭᠦ ᠬᠡᠷᠡᠭᠲᠡᠢ᠃ ᠳᠥᠷᠪᠡ ᠳᠤ ᠲᠣᠬᠤᠨᠢᠭᠤᠯᠬᠤ ᠪᠠ ᠬᠤᠶᠢᠲᠤᠬᠢ ᠶᠠᠪᠤᠳᠠᠯ ᠢ ᠲᠥᠪᠬᠢᠨᠡᠭᠦᠯᠬᠦ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ᠃ ᠲᠠᠪᠤ ᠳᠤ ᠠᠳᠡᠯ ᠤᠨ ᠰᠢᠯᠲᠠᠭᠠᠨ ᠢ ᠠᠯᠢ ᠲᠦᠷᠭᠡᠨ ᠢᠶᠠᠷ ᠪᠠᠶᠢᠴᠠᠭᠠᠨ ᠲᠣᠳᠣᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠵᠢᠷᠭᠤᠭ᠎ᠠ ᠳᠤ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠢ᠂ ᠡᠷᠬᠡ ᠰᠦᠷᠲᠦ ᠴᠢᠨᠠᠷᠲᠠᠢ ᠪᠠᠷ ᠨᠡᠶᠢᠲᠡᠯᠡᠵᠦ᠂ ᠨᠡᠶᠢᠭᠡᠮ ᠤᠨ ᠠᠩᠬᠠᠷᠤᠯ ᠬᠠᠯᠠᠮᠵᠢᠯᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠬᠦ ᠬᠡᠷᠡᠭᠲᠡᠢ᠃ ᠲᠤᠯᠤᠭ᠎ᠠ ᠳᠤ ᠵᠢᠯᠤᠭᠤᠳᠬᠤ ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠭᠠᠨ ᠢ ᠪᠠᠲᠤᠯᠠᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠨᠠᠢᠮᠠ ᠳᠤ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠪᠦᠭᠦ ᠣᠷᠣᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠡᠢ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠳᠠᠶᠢᠴᠢᠨ ᠪᠣᠯᠣᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠠᠨᠳ᠋ᠯᠠᠭᠴᠢ ᠶᠠᠩ ᠭᠦᠸᠧ ᠠᠨ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1