ᠡᠨᠡ ᠵᠢᠯ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠳᠤ ᠠᠵᠢᠯ ᠣᠯᠭᠤᠬᠤ ᠬᠡᠪᠴᠢᠶ᠎ᠡ ᠶᠢ 20 ᠲᠦᠮᠡᠨ ᠬᠥᠮᠥᠨ ᠠᠴᠠ ᠳᠡᠭᠡᠭᠰᠢ ᠲᠣᠭᠲᠠᠭᠤᠨ ᠪᠠᠶᠢᠯᠭᠠᠨ᠎ᠠ
ᠨᠡᠶᠢᠲᠡᠯᠡᠭᠰᠡᠨ ᠴᠠᠭ᠄
2023/3/17
    2 ᠳ᠋ᠤᠭᠠᠷ ᠰᠠᠷ᠎ᠠ ᠶᠢᠨ 20᠎ ᠤ ᠡᠳᠦᠷ ᠬᠤᠷᠠᠯᠳᠤᠭᠰᠠᠨ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠣᠷᠣᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠨᠢᠭᠡᠨᠲᠡ ᠭᠠᠳᠠᠭᠰᠢ ᠭᠠᠷᠴᠤ ᠬᠦᠴᠦᠨ ᠤ ᠠᠵᠢᠯ ᠬᠢᠭᠰᠡᠳ᠂ ᠬᠠᠷᠠᠬᠠᠨ ᠭᠠᠳᠠᠭᠰᠢ ᠭᠠᠷᠴᠤ ᠬᠦᠴᠦᠨ ᠤ ᠠᠵᠢᠯ ᠬᠢᠭᠡᠳᠦᠢ ᠬᠥᠮᠥᠰ᠂ ᠨᠤᠲᠤᠭ ᠲᠤ ᠪᠠᠨ ᠪᠤᠴᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠲᠥᠷᠥᠯ ᠬᠤᠪᠢᠶᠠᠨ ᠨᠠᠷᠢᠯᠢᠭᠵᠢᠭᠤᠯᠵᠤ ᠠᠵᠢᠯ ᠣᠯᠭᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠵᠢᠯ ᠬᠥᠳᠡᠯᠮᠦᠷᠢ ᠬᠢᠵᠦ ᠠᠵᠢᠯ ᠣᠯᠭᠤᠬᠤ ᠬᠡᠪᠴᠢᠶ᠎ᠡ ᠶᠢ 20 ᠲᠦᠮᠡᠨ ᠬᠥᠮᠥᠨ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠪᠠᠷ ᠪᠣᠢ᠃    ᠡᠭᠦᠨ ᠤ ᠬᠠᠮᠲᠤ᠂ ᠠᠵᠢᠯ ᠣᠯᠭᠤᠯᠲᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ︽ᠠᠵᠤ ᠠᠬᠤᠶᠢᠯᠠᠯ + ᠠᠵᠢᠯ ᠣᠯᠭᠤᠵᠤ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ︾ ᠭᠡᠬᠦ ᠡᠵᠡᠩᠨᠡᠯᠲᠡ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠲᠣᠰᠬᠤᠨ ᠤ ᠱᠠᠲᠤᠨ ᠤ ᠠᠵᠢᠯ ᠣᠯᠭᠤᠯᠲᠠ ᠶᠢᠨ ᠬᠠᠪᠰᠤᠷᠤᠨ ᠬᠠᠮᠢᠶᠠᠷᠤᠭᠴᠢ ᠶᠢᠨ ᠲᠣᠭᠲᠠᠴᠠ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠣᠶᠢᠷ᠎ᠠ ᠬᠠᠪᠢ ᠳᠤ ᠨᠢ ᠠᠵᠢᠯ ᠣᠯᠭᠤᠬᠤ ᠲᠤᠬᠠᠢ ᠶᠢᠨ ᠭᠠᠵᠠᠷ ᠲᠤ ᠨᠢ ᠠᠵᠢᠯ ᠣᠯᠭᠤᠬᠤ ᠳᠠᠶᠢᠴᠢᠯᠠᠬᠤ ᠬᠦᠴᠦᠨ ᠢ ᠴᠢᠩᠭᠠᠷᠠᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ ᠭᠠᠵᠠᠷ ᠣᠷᠣᠨ ᠤ ᠣᠨᠴᠠᠯᠢᠭ᠂ ᠠᠵᠢᠯ ᠲᠦᠷᠦᠯ ᠤᠨ ᠣᠨᠴᠠᠯᠢᠭ᠂ ᠤᠷ᠎ᠠ ᠴᠢᠳᠠᠪᠤᠷᠢ ᠶᠢᠨ ᠣᠨᠴᠠᠯᠢᠭ ᠲᠠᠢ ᠬᠥᠳᠡᠯᠮᠦᠷᠢ ᠦᠢᠯᠡᠴᠢᠯᠡᠭᠡᠨ ᠤ ᠨᠡᠷᠡᠳᠤ ᠲᠡᠮᠳᠡᠭ ᠢ ᠪᠤᠢ ᠪᠣᠯᠭᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠨᠡᠭᠦᠨ ᠰᠢᠯᠵᠢᠵᠦ ᠠᠵᠢᠯ ᠣᠯᠬᠤ ᠶᠢ ᠪᠦᠲᠦᠮᠵᠢᠲᠡᠶ ᠲᠠᠶᠢᠴᠢᠯᠠᠨ᠎ᠠ᠃    ᠠᠵᠢᠯ ᠣᠯᠭᠤᠯᠲᠠ ᠶᠢ ᠨᠡᠮᠡᠭᠳᠡᠭᠦᠯᠬᠦ ᠪᠣᠯ ᠣᠷᠣᠯᠭ᠎ᠠ ᠶᠢ ᠨᠡᠮᠡᠭᠳᠡᠭᠦᠯᠬᠦ ᠬᠠᠮᠤᠭ ᠠᠴᠠ ᠪᠦᠲᠦᠮᠵᠢᠲᠡᠶ᠂ ᠬᠠᠮᠤᠭ ᠤᠨ ᠰᠢᠭᠤᠳ ᠠᠷᠭ᠎ᠠ ᠮᠠᠶ᠋ᠢᠭ ᠮᠥᠨ᠂ ᠬᠠᠷᠢᠨ ᠤᠷ᠎ᠠ ᠴᠢᠳᠠᠪᠤᠷᠢ ᠪᠣᠯ ᠠᠳᠠᠯ ᠦᠢᠯᠡᠰ ᠴᠣᠭᠴᠠᠯᠠᠬᠤ ᠶᠢᠨ ᠦᠨᠳᠦᠰᠦ ᠮᠥᠨ᠃ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠤᠷ᠎ᠠ ᠮᠡᠷᠭᠡᠵᠢᠯ ᠤᠨ ᠬᠡᠪ ᠴᠢᠨᠠᠷ᠂ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2023 ᠣᠨ ᠳᠤ ᠮᠠᠨ ᠤ ᠣᠷᠣᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠨ ᠲᠣᠳᠣᠯᠠᠬᠤ ᠶᠢᠨ ᠬᠠᠮᠲᠤ ᠪᠣᠯᠪᠠᠰᠤᠷᠠᠯ ᠬᠢᠬᠦ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠣᠶ ᠪᠣᠯᠭᠠᠨ᠎ᠠ᠃ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ ᠰᠢᠨ᠎ᠡ ᠪᠠᠷ ᠦᠰᠦᠨ ᠪᠤᠶᠢᠵᠢᠭᠰᠠᠨ ᠬᠥᠳᠡᠯᠮᠦᠷᠢ ᠬᠦᠴᠦᠨ ᠳᠤ ︽ᠬᠤᠷ᠎ᠠ ᠪᠣᠷᠣᠭᠠᠨ ᠤ ᠲᠥᠯᠥᠪᠯᠡᠭᠡ +︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠶᠢᠨ ᠢᠳᠡᠷ ᠵᠠᠯᠠᠭᠤ ᠬᠥᠳᠡᠯᠮᠦᠷᠢ ᠬᠦᠴᠦᠨ ᠤ ᠬᠥᠮᠥᠨ ᠪᠦᠬᠦᠨ ᠦᠨᠡᠮᠯᠡᠯ ᠲᠠᠢ ᠪᠠᠶᠢᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠭᠠᠷ ᠦᠢᠯᠡᠳᠪᠦᠷᠢᠴᠢᠳ ᠲᠤ ᠬᠥᠳᠡᠭᠡ ᠲᠣᠰᠬᠤᠨ ᠤ ᠤᠷᠠᠨ ᠲᠠᠷᠬᠠᠨ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠷᠠᠨ ᠲᠠᠷᠬᠠᠨ ᠤ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠨᠢᠭᠡ ᠵᠦᠢᠯ ᠤᠨ ᠤᠷ᠎ᠠ ᠮᠡᠷᠭᠡᠵᠢᠯ ᠡᠵᠡᠮᠰᠢᠬᠦ ᠶᠢ ᠠᠬᠢᠭᠤᠯᠤᠨ᠎ᠠ᠃ ᠨᠤᠲᠤᠭ ᠲᠤ ᠪᠠᠨ ᠪᠤᠴᠠᠭᠰᠠᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠳᠤ ᠮᠥᠷᠳᠡᠨ ᠦᠢᠯᠡᠴᠢᠯᠡᠬᠦ ᠲᠣᠭᠲᠠᠴᠠ ᠶᠢ ᠪᠠᠶᠢᠭᠤᠯᠤᠨ᠂ ᠬᠠᠨᠳᠤᠯᠭᠠᠲᠤ ᠴᠢᠨᠠᠷᠲᠠᠢ ᠪᠣᠯᠪᠠᠰᠤᠷᠠᠯ ᠢ ᠥᠷᠨᠢᠭᠦᠯᠵᠦ᠂ ᠳᠠᠬᠢᠨ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃    ᠣᠶᠢᠯᠠᠭᠠᠭᠰᠠᠨ ᠢᠶᠠᠷ᠂ 2022 ᠣᠨ ᠳᠤ ᠮᠠᠨ ᠤ ᠣᠷᠣᠨ ᠠᠵᠢᠯ ᠣᠯᠭᠤᠨ ᠬᠠᠪᠰᠤᠷᠤᠨ ᠲᠡᠳᠬᠦᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ 17 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠂ ᠬᠢᠵᠢᠭ ᠤᠨ ᠪᠠᠶᠢᠳᠠᠯ ᠭᠠᠮᠰᠢᠭ ᠤᠨ ᠨᠥᠯᠥᠭᠡ ᠶᠢ ᠠᠷᠭᠠᠴᠠᠭᠠᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ 20 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠥᠬᠦ ᠣᠷᠣᠨ ᠤ 20.6 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠠ ᠬᠢᠨᠠᠨ ᠰᠢᠨᠵᠢᠯᠡᠬᠦ ᠡᠲᠡᠭᠡᠳ ᠤᠨ ᠠᠵᠢᠯ ᠬᠥᠳᠡᠯᠮᠦᠷᠢ ᠬᠢᠵᠦ ᠠᠵᠢᠯ ᠣᠯᠭᠤᠬᠤ ᠶᠢ ᠪᠡᠶᠡᠯᠡᠭᠦᠯᠵᠦ᠂ ᠪᠥᠬᠦ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ︽ᠬᠤᠶᠠᠷ ᠥᠨᠳᠥᠷ ᠪᠠᠶᠢᠯᠭᠠᠬᠤ︾ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1