ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ︽ᠵᠢᠷᠭᠤᠭᠠᠨ ᠶᠡᠭᠡ ᠲᠤᠰᠬᠠᠢ ᠠᠵᠢᠯᠯᠠᠭ᠎ᠠ︾᠎ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/3/17
    2 ᠳ᠋ᠤᠭᠠᠷ ᠰᠠᠷ᠎ᠠ ᠶᠢᠨ 20᠎ ᠤ ᠡᠳᠦᠷ ᠬᠥᠬᠡᠬᠤᠲᠠ ᠳᠤ ᠬᠤᠷᠠᠯᠳᠤᠭᠰᠠᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠪᠣᠯ ︽ᠨᠢᠭᠡ ᠭᠤᠣᠯ ᠡᠭᠦᠷᠭᠡ︾᠎ ᠶᠢᠨ ᠲᠣᠭᠤᠷᠢᠨ ᠳᠤ ︽ᠵᠢᠷᠭᠤᠭᠠᠨ ᠶᠡᠭᠡ ᠲᠤᠰᠬᠠᠢ ᠠᠵᠢᠯᠯᠠᠭ᠎ᠠ︾᠎ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠴᠢᠨᠠᠷ ᠰᠠᠶᠢᠲᠠᠢ ᠬᠥᠭᠵᠢᠯᠲᠡ ᠲᠡᠶᠢᠰᠢ ᠤᠷᠤᠭᠰᠢᠯᠠᠬᠤ ᠶᠢ ᠠᠬᠢᠭᠤᠯᠬᠤ ᠶᠠᠪᠤᠳᠠᠯ ᠪᠣᠯᠣᠨ᠎ᠠ᠃    ᠣᠶᠢᠯᠠᠭᠠᠭᠰᠠᠨ ᠢᠶᠠᠷ᠂ ︽ᠨᠢᠭᠡ ᠭᠤᠣᠯ ᠡᠭᠦᠷᠭᠡ︾ ᠭᠡᠳᠡᠭ ᠨᠢ ᠳᠠᠷᠤᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠶᠠᠪᠤᠳᠠᠯ ᠪᠣᠯᠣᠨ᠎ᠠ︔ ︽ᠵᠢᠷᠭᠤᠭᠠᠨ ᠶᠡᠭᠡ ᠲᠤᠰᠬᠠᠢ ᠠᠵᠢᠯᠯᠠᠭ᠎ᠠ︾ ᠭᠡᠳᠡᠭ ᠨᠢ ᠳᠠᠷᠤᠢ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠷ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠲᠤᠰᠬᠠᠢ ᠠᠵᠢᠯᠯᠠᠭ᠎ᠠ᠂ ᠬᠡᠷᠡᠭᠯᠡᠭᠡ ᠶᠢ ᠥᠷᠭᠡᠳᠬᠡᠨ ᠲᠠᠰ ᠳᠡᠪᠰᠢᠭᠦᠯᠬᠦ ᠲᠤᠰᠬᠠᠢ ᠠᠵᠢᠯᠯᠠᠭ᠎ᠠ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠨᠡᠭᠡᠭᠡᠯᠲᠡᠲᠤ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠬᠢᠯᠢ ᠶᠢᠨ ᠪᠣᠭᠤᠮᠲᠠ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠪᠠ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠪᠣᠯᠣᠨ᠎ᠠ᠃    ︽2023 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠳᠤ ᠪᠡᠯᠡᠨ ᠪᠣᠯᠭᠠᠬᠤ ᠪᠡᠯᠡ ᠮᠥᠩᠭᠦ ᠶᠢ 3900 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 15%᠎ ᠪᠠᠷ ᠨᠡᠮᠡᠭᠳᠡᠭᠦᠯᠦᠨ᠎ᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠶᠢ 1700 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 13%᠎ ᠪᠠᠷ ᠨᠡᠮᠡᠭᠳᠡᠭᠦᠯᠦᠨ᠎ᠡ︔ ᠪᠣᠳᠠᠲᠠᠢ ᠬᠡᠷᠡᠭᠯᠡᠬᠦ ᠭᠠᠳᠠᠭᠠᠳᠤ ᠶᠢᠨ ᠪᠡᠯᠡ ᠮᠥᠩᠭᠦ ᠶᠢᠨ ᠨᠡᠮᠡᠭᠳᠡᠯ ᠤᠨ ᠬᠤᠷᠳᠤᠴᠠ ᠶᠢ 6%᠎ ᠠᠴᠠ ᠳᠡᠭᠡᠭᠰᠢᠬᠢ ᠪᠠᠶᠢᠬᠤ ᠶᠢ ᠪᠠᠲᠤᠯᠠᠵᠤ᠂ 46 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠳᠤ ᠪᠣᠳᠠᠲᠠᠢ ᠪᠡᠯᠡ ᠣᠷᠣᠭᠤᠯᠬᠤ ᠲᠤᠭ᠎ᠠ ᠶᠢ 40 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ︔ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢ 7600 ᠲᠦᠮᠡᠨ ᠲᠣᠨ ᠳᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 30%᠎ ᠠᠴᠠ ᠳᠡᠭᠡᠭᠰᠢ ᠨᠡᠮᠡᠭᠳᠡᠭᠦᠯᠦᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋ ᠬᠡᠯᠡᠪᠡ᠃    2022 ᠣᠨ ᠳᠤ ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠤᠨ ᠠᠵᠢᠯᠯᠠᠭᠠᠨ ᠲᠣᠭᠲᠠᠭᠤᠨ ᠤ ᠳᠤᠮᠳᠠ ᠶᠠᠰᠤ ᠴᠢᠨᠠᠷ ᠨᠢ ᠳᠡᠭᠡᠭᠰᠢᠯᠡᠵᠦ᠂ ᠡᠭᠦᠨ ᠳᠤ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 3119 ᠪᠠᠶᠢᠵᠤ᠂ ᠤᠯᠤᠰ ᠤᠨ ᠳᠣᠲᠣᠭᠠᠳᠤ ᠶᠢᠨ ᠪᠡᠯᠡᠨ ᠪᠣᠯᠤᠭᠰᠠᠨ ᠪᠡᠯᠡ ᠮᠥᠩᠭᠦ ᠶᠢ 3409 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 59.7%᠎ ᠪᠠᠷ ᠨᠡᠮᠡᠭᠳᠡᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠳᠠᠷᠤᠯᠲᠠ ᠶᠢ ᠳᠠᠭᠠᠭᠠᠨ ᠠᠵᠢᠯᠯᠠᠵᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4971.4 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ 18 ᠳ᠋ᠤᠭᠠᠷ ᠲᠤ ᠵᠢᠭᠰᠠᠭᠠᠭᠳᠠᠵᠤ᠂ 2021 ᠣᠨ ᠤ ᠬᠢ ᠠᠴᠠ 10 ᠪᠠᠶᠢᠷᠢ ᠠᠬᠢᠪᠠ᠃ ᠭᠠᠳᠠᠭᠠᠳᠤ ᠠᠷᠠᠯᠵᠢᠶ᠎ᠠ ᠳᠠᠬᠢᠨᠲᠠ ᠰᠢᠨ᠎ᠡ ᠥᠨᠳᠥᠷ ᠢ ᠡᠭᠦᠳᠴᠦ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 1523.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.2%᠎ ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠬᠢ ᠠᠴᠠ 15.5 ᠵᠠᠭᠤᠨ ᠤ ᠴᠡᠭ ᠥᠨᠳᠥᠷ ᠪᠣᠯᠪᠠ᠃ ᠭᠠᠳᠠᠭᠠᠳᠤ ᠪᠡᠯᠡ ᠶᠢᠨ ᠠᠰᠢᠭᠯᠠᠯᠲᠠ ᠶᠡᠭᠡ ᠬᠡᠮᠵᠢᠶ᠎ᠡ ᠪᠠᠷ ᠨᠡᠮᠡᠭᠳᠡᠵᠦ᠂ ᠪᠥᠬᠦ ᠣᠷᠣᠨ ᠳᠤ ᠰᠢᠨ᠎ᠡ ᠪᠠᠷ ᠪᠠᠶᠢᠭᠤᠯᠤᠭᠳᠠᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 40 ᠨᠡᠮᠡᠭᠳᠡᠵᠦ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 34.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 58.6%᠎ ᠪᠠᠷ ᠨᠡᠮᠡᠭᠳᠡᠪᠡ᠃ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ ᠡᠮᠬᠢ ᠵᠢᠷᠤᠮ ᠲᠠᠢ ᠶᠠᠪᠤᠭᠳᠠᠵᠤ᠂ ᠪᠥᠬᠦ ᠣᠷᠣᠨ ᠳᠤ ᠭᠠᠳᠠᠭᠠᠳᠤ ᠳᠤ ᠪᠡᠯᠡ ᠣᠷᠣᠭᠤᠯᠤᠭᠰᠠᠨ ᠲᠥᠷᠥᠯ ᠵᠦᠢᠯ 24 ᠰᠢᠨ᠎ᠡ ᠪᠠᠷ ᠨᠡᠮᠡᠭᠳᠡᠵᠦ᠂ ᠳᠤᠮᠳᠠᠳᠤ ᠶᠢᠨ ᠲᠠᠯ᠎ᠠ ᠶᠢᠨ ᠬᠢᠨ ᠤ ᠵᠥᠪᠳᠡᠯᠴᠡᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ 132.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6 ᠳᠠᠬᠢᠨ ᠨᠡᠮᠡᠭᠳᠡᠪᠡ᠃ ᠪᠣᠳᠠᠲᠠᠢ ᠪᠡᠯᠡ ᠣᠷᠣᠭᠤᠯᠤᠯᠲᠠ ᠶᠢᠨ ᠲᠤᠭ᠎ᠠ 89.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9 ᠳᠠᠬᠢᠨ ᠨᠡᠮᠡᠭᠳᠡᠵᠡᠢ᠃ ᠬᠢᠯᠢ ᠶᠢᠨ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠳᠠᠬᠢᠨ ᠨᠡᠮᠡᠭᠳᠡᠯ ᠤᠨ ᠪᠠᠶᠢᠳᠠᠯ ᠢᠶᠠᠨ ᠰᠡᠷᠭᠦᠭᠡᠵᠦ᠂ ᠪᠥᠬᠦ ᠣᠷᠣᠨ ᠤ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 5842.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7%᠎ ᠪᠠᠷ ᠨᠡᠮᠡᠭᠳᠡᠪᠡ᠃ ᠬᠢᠯᠢ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 7337᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.1%᠎ ᠪᠠᠷ ᠨᠡᠮᠡᠭᠳᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1