ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 64 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
   
1_副本.jpg
       3 ᠰᠠᠷ᠎ᠠ ᠶᠢᠨ 15᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 64 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠹᠦ᠋ ᠰᠢᠸ ᠾᠥᠢ ᠂ ᠴᠢᠨ ᠶᠠᠨ ᠳ᠋ᠦᠩ᠂ ᠯᠢᠦ ᠬᠠᠢ ᠬᠠᠢ᠂ ᠵᠢᠶᠣᠣ ᠴᠢᠩ ᠳ᠋ᠦᠩ᠂ ᠯᠢ ᠰᠢᠨ ᠢᠦᠢ᠂ ᠬᠠᠨ ᠶᠠᠨ ᠵᠢᠶᠦ᠋ᠨ᠂ ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠸ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋  ᠲᠣᠭᠤᠷᠢᠭ ᠤᠨ ᠳᠠᠷᠤᠭ᠎ᠠ ᠯᠢ ᠽᠥᠩ ᠮᠧᠩ᠂ ᠶᠢᠨ ᠮᠢᠩ ᠂ ᠶᠢᠨ ᠲᠧᠩ ᠵᠢᠶᠣᠣ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠶᠤᠸᠠᠨ ᠪᠦᠦ ᠱᠠᠨ ᠪᠠᠯᠭᠠᠰᠤ᠂ ᠦ᠋ ᠵᠢᠶᠠ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ ︽ ᠠᠷᠢᠭᠤᠨ  ᠴᠢᠭᠡᠴᠢ ᠶᠤᠸᠠᠨ ᠪᠦᠦ ᠱᠠᠨ ᠤ ᠪᠦᠲᠦᠭᠡᠨ ᠪᠠᠶᠢᠭᠤᠯᠤᠯᠲᠠ ᠶᠢᠨ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ︵ᠬᠦᠷᠭᠡᠨ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠪ ︵ᠬᠦᠷᠭᠡᠨ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ᠰᠢᠪᠠᠳᠠᠨ ᠪᠠᠶᠢᠴᠠᠭᠠᠵᠤ ᠬᠢᠨᠠᠨ ᠪᠠᠶᠢᠴᠠᠭᠠᠬᠤ ᠵᠦᠢᠯᠡᠰ ᠢ ᠵᠢᠷᠤᠮᠵᠢᠭᠤᠯᠤᠨ ᠨᠡᠶᠢᠯᠡᠭᠦᠯᠵᠦ ᠪᠠᠭᠠᠰᠬᠠᠨ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠪ ︵ᠬᠦᠷᠭᠡᠨ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠪ ︵ᠬᠦᠷᠭᠡᠨ ᠬᠢᠨᠠᠭᠤᠯᠬᠤ ᠨᠣᠣᠷᠠᠭ︶︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ ᠃    ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠶᠢᠷ᠎ᠠ ᠶᠢᠨ ᠬᠤᠭᠤᠴᠠᠭᠠᠨ ᠤ ᠠᠳᠡᠯ ᠤᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ ᠂ ᠡᠩᠨᠡᠭᠦᠯᠥᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠴᠠᠭ ᠲᠤᠨᠢ ᠲᠣᠬᠢᠷᠠᠭᠤᠯᠤᠨ ︽ ᠡᠷᠬᠢᠨ ᠬᠠᠷᠠᠬᠤ ︾ ᠠᠵᠢᠯ ᠢ ᠵᠣᠬᠢᠶᠠᠨ ᠪᠠᠶᠢᠭᠤᠯᠵᠤ ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠬᠦ ᠬᠡᠷᠡᠭᠲᠡᠢ᠃ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠢᠨ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ᠱᠠᠯᠠᠪᠳᠠᠭᠤᠯᠵᠤ ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ  ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠡᠭᠦᠷᠭᠡ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ ᠂ ᠪᠣᠬᠢᠷᠳᠤᠯ ᠢ ᠵᠠᠰᠠᠬᠤ ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠂ ᠠᠮᠢ ᠠᠬᠤᠢ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠂ ᠪᠠᠷᠢᠮᠵᠢᠶ᠎ᠠ ᠂ ᠶᠠᠰᠤ ᠴᠢᠨᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠡᠷᠬᠡᠪᠰᠢ ᠲᠣᠭᠲᠠᠭᠰᠠᠨ ᠴᠠᠭ ᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ᠬᠤᠷᠠᠯ ᠠᠴᠠ ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠲᠣᠭᠤᠷᠢᠨ ᠪᠠᠶᠢᠴᠠᠭᠠᠬᠤ ᠠᠵᠢᠯ ᠪᠣᠯᠣᠨ ᠡᠯ᠎ᠡ ᠬᠦᠷᠢᠶᠡᠨ ᠤ ᠬᠥᠭᠵᠢᠯᠲᠡ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠲᠣᠭᠤᠷᠢᠨ ᠪᠠᠶᠢᠴᠠᠭᠠᠬᠤ ︽ ᠬᠤᠷᠴᠠ ᠰᠡᠯᠡᠮ᠎ᠡ ︾ ᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠃ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠂ ᠲᠣᠭᠤᠷᠢᠨ ᠪᠠᠶᠢᠴᠠᠭᠠᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ ᠂ ᠲᠣᠭᠤᠷᠢᠨ ᠪᠠᠶᠢᠴᠠᠭᠠᠬᠤ ᠡᠲᠡᠭᠡᠳ ᠤᠨ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠥᠨᠡᠨ ᠬᠦ ᠡᠭᠦᠷᠭᠡᠯᠡᠬᠦ ᠶᠢ ᠠᠬᠢᠭᠤᠯᠬᠤ ᠬᠡᠷᠡᠭᠲᠡᠢ ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠲᠣᠲᠠᠶᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠪᠠᠶᠢᠴᠠᠭᠠᠬᠤ ᠶᠢ ᠴᠢᠩᠭᠠᠳᠬᠠᠵᠤ ᠂ ︽ ᠰᠡᠭᠦᠯ ᠤᠨ ᠬᠠᠭᠠᠰ ᠠᠵᠢᠯ︾᠎ ᠢ ᠰᠠᠶᠢᠲᠤᠷ ᠬᠢᠬᠦ ᠬᠡᠷᠡᠭᠲᠡᠢ ᠃    ᠬᠤᠷᠠᠯ ᠠᠴᠠ ᠱᠠᠭᠠᠷᠳᠠᠭᠰᠠᠨ ᠎ ᠨᠢ᠂ ᠡᠯ᠎ᠡ ᠬᠤᠯᠪᠣᠭᠳᠠᠯ ᠪᠦᠬᠦᠢ  ᠨᠢᠭᠡᠴᠢ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠵᠠᠷᠴᠢᠮ ᠶᠣᠰᠣᠭᠠᠷ᠂ ︽ᠠᠷᠢᠭᠤᠨ ᠴᠢᠬᠡᠴᠢ ᠶᠤᠸᠠᠨ ᠪᠦᠦ ᠱᠠᠨ ᠤ ᠪᠦᠲᠦᠭᠡᠨ ᠪᠠᠶᠢᠭᠤᠯᠤᠯᠲᠠ ᠶᠢᠨ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ︾᠎ ᠶᠢᠨ ᠨᠠᠷᠢᠨ ᠲᠠᠩᠰᠠ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠢᠭᠤᠨ ᠴᠢᠬᠡᠴᠢ ᠎ ᠶᠢᠨ ᠪᠠᠶᠢᠭᠤᠯᠤᠯᠲᠠ ᠶᠢᠨ ᠵᠢᠱᠢᠭᠰᠡᠨ ᠬᠠᠷᠠᠯᠲᠠ ᠳᠠᠭᠠᠨ ᠬᠦᠷᠴᠦ᠂ ᠢᠯᠡᠳᠲᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠢᠭᠤᠨ ᠴᠢᠬᠡᠴᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠳᠡᠭᠡᠷ᠎ᠡ ᠬᠦᠴᠦ ᠲᠠᠯᠪᠢᠵᠤ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠠᠭᠤᠳᠠᠯᠵᠤ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠠᠵᠢᠯ ᠤᠨ ᠵᠢᠱᠢᠶ᠎ᠡ ᠦᠵᠡᠭᠦᠯᠬᠦ ᠴᠢᠭ᠋ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠷᠢᠮᠵᠢᠶ᠎ᠠ ᠶᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠠᠭᠤᠰᠬᠠᠬᠤ ᠲᠠᠢ ᠬᠠᠷᠢᠴᠠᠭᠤᠯᠤᠨ ᠤᠶᠠᠯᠳᠤᠯ ᠤᠨ ᠴᠡᠭ ᠢ ᠣᠨᠣᠪᠴᠢᠲᠠᠢ ᠡᠷᠢᠵᠦ ᠂ ︽ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠂ ᠵᠢᠱᠢᠶᠡᠴᠢ ᠪᠣᠯᠬᠤ ᠪᠠᠷ ᠴᠢᠷᠮᠠᠶᠢᠬᠤ ᠂ ᠡᠮᠦᠨ᠎ᠡ ᠡᠩᠨᠡᠭᠡᠨ ᠳᠤ ᠶᠠᠪᠤᠬᠤ ︾ ᠶᠤᠸᠠᠨ ᠪᠤᠥ ᠱᠠᠨ ᠤ ᠡᠭᠦᠷᠭᠡᠯᠡᠯ ᠢ ᠪᠠᠲᠤ ᠡᠭᠦᠷᠭᠡᠯᠡᠬᠦ ᠬᠡᠷᠡᠭᠲᠡᠢ ᠃ ᠬᠤᠶᠠᠷ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠲᠤᠰᠬᠠᠢ ᠠᠩᠭᠢ ᠳᠤ ᠰᠢᠮᠳᠠᠭᠤᠯᠤᠨ ᠵᠢᠯᠤᠭᠤᠳᠴᠤ ᠬᠢᠨᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠥᠨᠡᠨ ᠬᠦ ᠪᠠᠲᠤᠯᠠᠬᠤ ᠬᠡᠷᠡᠭᠲᠡᠢ ᠭᠡᠵᠡᠢ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1