ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠶᠤᠸᠠᠨ ᠪᠦᠦ ᠱᠠᠨ ᠲᠣᠭᠤᠷᠢᠭ ᠲᠤ ᠢᠷᠡᠵᠦ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/3/22
    3 ᠳ᠋ᠤᠭᠠᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠸᠠᠩ ᠰᠢᠶᠣᠣ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ ᠨᠠᠷ ᠶᠤᠸᠠᠨ ᠪᠦᠦ ᠱᠠᠨ ᠲᠣᠭᠤᠷᠢᠭ ᠲᠤ ᠢᠷᠡᠵᠥ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠲᠠ ᠎ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠶᠠᠨ ᠬᠤᠸᠠ᠂ ᠲᠣᠭᠤᠷᠢᠭ ᠤᠨ ᠤᠳᠤᠷᠢᠳᠤᠯᠭ᠎ᠠ ᠼᠤᠤ ᡁᠢ ᠶᠦᠩ᠂ ᠹᠦ᠋ ᠰᠢᠸ ᠾᠦᠢ᠂ ᠯᠤᠸᠠᠨ ᠶᠦᠨ ᠾᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
2_副本.jpg
3_副本.jpg
       ᠪᠦᠬᠦ ᠤᠯᠤᠰ ᠤᠨ ᠪᠣᠯᠪᠠᠰᠤᠨ ᠲᠣᠰᠬᠤᠨ ᠪᠣᠯᠬᠤ ᠶᠤᠸᠠᠨ ᠪᠦᠦ ᠱᠠᠨ ᠪᠠᠯᠭᠠᠰᠤᠨ ᠤ ᠴᠠᠩ ᠱᠧᠩ ᠲᠣᠰᠬᠤᠨ ᠳᠤ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠂ ᠰᠣᠶᠣᠯ ᠤᠨ ᠠᠭᠤᠳᠠᠮ ᠲᠠᠯᠠᠪᠠᠢ ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠴᠡᠭ ᠲᠤ ᠬᠦᠷᠴᠦ ᠠᠬᠤᠢ ᠲᠠᠯᠠᠪᠤᠷ ᠲᠤᠨᠢ ᠪᠠᠶᠢᠴᠠᠭᠠᠨ ᠦᠵᠡᠵᠦ ᠂ ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠤᠭᠤᠳᠬᠤ ᠰᠠᠨᠠᠯ ᠢᠶᠠᠨ ᠳᠤᠷᠠᠳᠴᠠᠢ ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠎ ᠨᠢ ᠂ ᠪᠦᠬᠦ ᠤᠯᠤᠰ ᠤᠨ ᠪᠣᠯᠪᠠᠰᠤᠨ ᠲᠣᠰᠬᠤᠨ ᠢ ᠴᠣᠭᠴᠠᠯᠠᠨ ᠪᠠᠶᠢᠭᠤᠯᠬᠤ ᠪᠣᠯ ᠪᠦᠬᠦ ᠤᠯᠤᠰ ᠤᠨ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ ᠮᠥᠨ ᠂ ᠪᠣᠯᠪᠠᠰᠤᠨ ᠲᠣᠰᠬᠤᠨ ᠤ ᠪᠠᠶᠢᠭᠤᠯᠤᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ ᠂ ᠴᠣᠭᠴᠠᠯᠠᠨ ᠪᠠᠶᠢᠭᠤᠯᠬᠤ ᠱᠠᠭᠠᠷᠳᠠᠯᠭ᠎ᠠ  ᠎ ᠲᠠᠢ ᠨᠢᠭᠲᠠ ᠬᠠᠷᠭᠤᠭᠤᠯᠵᠤ ᠂ ᠳᠤᠲᠠᠭᠳᠠᠯ ᠲᠠᠢ ᠪᠠᠭᠤᠷᠠᠢ ᠵᠦᠢᠯ ᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠨ᠂ ᠴᠣᠭᠴᠠᠯᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠤᠬᠠᠭᠤᠯᠤᠨ ᠬᠥᠲᠥᠯᠥᠨ ᠵᠢᠯᠤᠭᠤᠳᠬᠤ ᠪᠠ ᠥᠷᠨᠢᠭᠦᠨ ᠠᠭᠤᠷ ᠠᠮᠢᠰᠬᠤᠯ ᠢ ᠪᠣᠶ ᠪᠣᠯᠭᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠦᠴᠦᠨ ᠢ ᠭᠦᠢᠴᠡᠳ ᠳᠠᠶᠢᠴᠢᠯᠠᠨ᠂ ᠣᠯᠠᠨ ᠲᠦᠮᠡᠨ ᠤ ᠢᠳᠡᠪᠬᠢᠵᠢᠯ ᠢ ᠬᠥᠭᠵᠢᠭᠡᠵᠦ᠂ ᠪᠥᠬᠦ ᠨᠡᠶᠢᠭᠡᠮ ᠢᠶᠠᠷ ᠢᠶᠠᠨ ᠳᠡᠮᠵᠢᠵᠦ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠵᠢᠱᠢᠶ᠎ᠡ ᠦᠵᠡᠭᠦᠯᠬᠦ ᠭᠠᠵᠠᠷ ᠂ ᠦᠷᠳᠡᠭᠡ ᠪᠠᠶᠢᠭᠤᠯᠬᠤ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠥᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠲᠦᠭᠡᠯ ᠢ ᠭᠦᠢᠴᠡᠳ ᠢᠯᠡᠷᠡᠭᠦᠯᠵᠦ ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ  ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1