ᠶᠤᠸᠠᠨ ᠪᠦᠦ ᠱᠠᠨ ᠲᠣᠭᠤᠷᠢᠭ ︽3·15᠎ ᠤ ᠬᠡᠷᠡᠭᠯᠡᠭᠡᠨ ᠤ ᠢᠲᠡᠭᠡᠯ ᠢ ᠬᠥᠪᠴᠢᠯᠡᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/3/22
    3 ᠰᠠᠷ᠎ᠠ ᠶᠢᠨ 15᠎ ᠤ ᠡᠳᠦᠷ᠂ ᠶᠤᠸᠠᠨ ᠪᠦᠦ ᠱᠠᠨ ᠲᠣᠭᠤᠷᠢᠭ ︽ᠬᠡᠷᠡᠭᠯᠡᠭᠡᠨ ᠤ ᠢᠲᠡᠭᠡᠯ ᠢ ᠬᠥᠪᠴᠢᠯᠡᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽3 · 15︾᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢ ᠲᠤᠷᠠᠰᠬᠠᠨ᠂ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠷᠡᠭᠯᠡᠭᠴᠢᠳ ᠤᠨ ᠢᠲᠡᠭᠡᠯ ᠵᠣᠷᠢᠭ ᠢ ᠬᠥᠪᠴᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠸ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠢᠩ ᠰᠢᠶᠣᠣ ᠢᠦᠢ ᠠᠵᠢᠯᠯᠠᠭ᠎ᠠ ᠳᠤ ᠣᠷᠣᠯᠴᠠᠵᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃    ᠠᠵᠢᠯᠯᠠᠭ᠎ᠠ ᠶᠢᠨ ᠠᠬᠤᠢ ᠲᠠᠯᠠᠪᠠᠢ ᠳᠤ ᠤᠯᠠᠭᠠᠨᠬᠠᠳᠠ ᠬᠤᠳᠠ ᠂ ᠶᠤᠸᠠᠨ ᠪᠦᠦ ᠱᠠᠨ ᠲᠣᠭᠤᠷᠢᠭ  ᠬᠤᠶᠠᠷ ᠱᠠᠲᠤᠨ ᠤ ︽ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠨᠢᠭᠡᠴᠢ︾ ᠎ ᠶᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ ︔ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠠᠴᠠ ︽ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠨᠢᠭᠡᠴᠢ︾ ᠎ ᠶᠢᠨ ᠲᠥᠯᠥᠭᠡᠯᠡᠭᠴᠢᠳ ᠲᠤ ᠱᠠᠩᠨᠠᠯ ᠤᠨ ᠮᠧᠳᠠᠯ ᠣᠯᠭᠤᠪᠠ ︔ ᠤᠯᠠᠭᠠᠨᠬᠠᠳᠠ ᠶᠢᠨ ᠰᠢᠨ ᠯᠦᠩ ᠹᠦ᠋ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ︽ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠨᠢᠭᠡᠴᠢ︾ ᠎ ᠶᠢᠨ ᠲᠥᠯᠥᠭᠡᠯᠡᠭᠴᠢ ᠶᠢᠨ ᠬᠤᠪᠢ ᠪᠠᠷ ᠠᠮᠠᠯᠠᠯᠲᠠ ᠶᠢᠨ ᠦᠭᠡ ᠬᠡᠯᠡᠪᠡ ᠃ᠳᠠᠷᠠᠭ᠎ᠠ ᠪᠠᠷ ᠨᠢ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠬᠢᠨ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠳᠠᠭᠤᠤ᠂ ᠬᠥᠭᠵᠢᠮᠳᠡᠬᠦ ᠲᠣᠭᠯᠠᠯᠲᠠ ᠵᠡᠷᠭᠡ ᠣᠯᠠᠨ ᠬᠡᠯᠪᠡᠷᠢ ᠪᠠᠷ ︽ᠦᠨᠡᠨᠴᠢ ᠢᠲᠡᠭᠡᠮᠵᠢ ᠪᠠ ᠬᠡᠷᠡᠭᠯᠡᠭᠡ︾᠎ ᠶᠢ ᠤᠬᠠᠭᠤᠯᠪᠠ᠃ ᠠᠵᠢᠯᠲᠠᠳ ᠪᠠᠰᠠ ᠤᠬᠠᠭᠤᠯᠭ᠎ᠠ ᠶᠢᠨ ᠰᠠᠮᠪᠠᠷ᠎ᠠ ᠲᠠᠯᠪᠢᠬᠤ ᠂ ᠤᠬᠠᠭᠤᠯᠭ᠎ᠠ ᠎ ᠶᠢᠨ ᠮᠠᠲ᠋ᠧᠷᠢᠶᠠᠯ ᠲᠠᠷᠬᠠᠭᠠᠬᠤ ᠂ ᠠᠬᠤᠢ ᠲᠠᠯᠠᠪᠤᠷ ᠲᠤ ᠣᠯᠠᠨ ᠲᠦᠮᠡᠨ ᠎ ᠳᠤ ᠬᠤᠳᠠᠯ ᠬᠠᠭᠤᠷᠮᠠᠭ ᠮᠠᠭᠤ ᠦᠢᠯᠡᠳᠬᠦᠨ ᠎ ᠢ ᠬᠡᠷᠬᠢᠨ ᠢᠯᠭᠠᠨ ᠲᠠᠨᠢᠬᠤ ᠶᠢ ᠵᠢᠭᠠᠨ ᠥᠭᠴᠦ ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠬᠤ ᠵᠢᠴᠢ ᠬᠤᠳᠠᠯ ᠬᠠᠭᠤᠷᠮᠠᠭ ᠮᠠᠭᠤ ᠲᠠᠸᠠᠷ ᠢ ᠤᠰᠠᠳᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠲᠦᠮᠡᠨ ᠳᠤ ᠬᠤᠳᠠᠯ ᠬᠠᠭᠤᠷᠮᠠᠭ ᠮᠠᠭᠤ ᠦᠢᠯᠡᠳᠬᠦᠨ ᠢ ᠣᠶᠢᠯᠠᠭᠠᠭᠤᠯᠬᠤ ᠶᠢᠨ ᠬᠠᠮᠲᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠡᠢ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 8500 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 40 ᠭᠠᠷᠤᠢ ᠤᠳᠠᠭ᠎ᠠ ᠭᠥᠯᠢᠶᠡᠨ ᠠᠪᠴᠤ᠂ ᠥᠷᠭᠡᠨ ᠣᠯᠠᠨ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠬᠥᠮᠥᠨ ᠪᠦᠬᠦᠨ ︽ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠨ ᠡᠵᠡᠩᠨᠡᠬᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠡᠷᠡᠭᠯᠡᠭᠡᠨ ᠤ ᠢᠲᠡᠭᠡᠯ ᠢ ᠬᠥᠪᠴᠢᠯᠡᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1