ᠶᠤᠸᠠᠨ ᠪᠦᠦ ᠱᠠᠨ ᠲᠣᠭᠤᠷᠢᠭ ᠰᠢᠶᠠᠩ ᠶᠠᠩ ᠨᠡᠭᠦᠷᠡᠰᠦᠨ ᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠢ ᠨᠢ ᠰᠡᠷᠭᠦᠭᠡᠬᠦ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/22
    3 ᠳ᠋ᠤᠭᠠᠷ ᠰᠠᠷ᠎ᠠ ᠶᠢᠨ 15᠎ ᠤ ᠡᠳᠦᠷ᠂ ᠤᠯᠠᠭᠠᠨᠬᠠᠳᠠ ᠶᠢᠨ ᠰᠢᠶᠠᠩ ᠶᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠭᠡᠳ ᠥᠪᠥᠷ ᠮᠣᠩᠭᠤᠯ ᠤᠨ ᠤᠯᠠᠭᠠᠨᠬᠠᠳᠠ ᠶᠢᠨ ᠪᠦᠦ ᠱᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠶᠠᠩ ᠶᠠᠩ ᠨᠡᠭᠦᠷᠡᠰᠦᠨ ᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠎ ᠢ ᠨᠢ ᠰᠡᠷᠭᠦᠭᠡᠬᠦ ᠲᠤᠬᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠴᠢᠨ ᠶᠠᠨ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠥᠪᠥᠷ ᠮᠣᠩᠭᠤᠯ ᠤᠨ ᠤᠯᠠᠭᠠᠨᠬᠠᠳᠠ ᠶᠢᠨ ᠪᠦᠦ ᠱᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠼᠠᠢ ᠵᠢᠶᠠ ᠯᠢᠨ᠂ ᠤᠯᠠᠭᠠᠨᠬᠠᠳᠠ ᠶᠢᠨ ᠰᠢᠶᠠᠩ ᠶᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠭᠤᠷᠬᠠᠢ ᠶᠢᠨ ᠳᠠᠷᠤᠭ᠎ᠠ ᠪᠥᠭᠡᠳ ᠬᠠᠤᠯᠢ ᠶᠢᠨ ᠡᠷᠬᠡᠲᠡᠨ ᠶᠤᠸᠠᠢ ᡁᠢ ᠭᠠᠩ ᠂ ᠶᠡᠷᠦᠩᠬᠡᠢ ᠳᠠᠭᠠᠭᠠᠮᠠᠯ ᠯᠦ ᠳ᠋ᠢᠶᠠᠨ ᠮᠢᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠂ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ  ᠪᠣᠯᠤᠨ  ᠫᠢᠩᠵᠤᠸᠠᠩ ᠪᠠᠯᠭᠠᠰᠤ ᠂ ᠰᠢᠶᠠᠩ ᠶᠠᠩ ᠲᠣᠰᠬᠤᠨ ᠤ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ ᠃
1_副本.jpg
       ᠴᠢᠨ ᠶᠠᠨ ᠳ᠋ᠦᠩ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠦ ᠂ ᠰᠢᠶᠠᠩ ᠶᠠᠩ ᠨᠡᠭᠦᠷᠡᠰᠦᠨ ᠤ ᠦᠢᠯᠡᠰ ᠢ ᠲᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠎ ᠢ ᠨᠢ ᠰᠡᠷᠭᠦᠭᠡᠭᠰᠡᠨ ᠳᠤ ᠬᠠᠯᠠᠭᠤᠨ ᠪᠠᠶᠠᠷ ᠬᠦᠷᠭᠡᠵᠡᠢ ᠃ ᠴᠢᠨ ᠶᠠᠨ ᠳ᠋ᠦᠩ ᠵᠢᠭᠠᠵᠤ ᠭᠠᠷᠭᠠᠭᠰᠠᠨ ᠎ ᠨᠢ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠰᠢᠶᠠᠩ ᠶᠠᠩ ᠤᠨ ᠨᠡᠭᠦᠷᠡᠰᠦᠨ ᠤ ᠦᠢᠯᠡᠰ ᠢ ᠲᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠎ ᠢ ᠨᠢ ᠰᠡᠷᠭᠦᠭᠡᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠤᠰ ᠤᠳᠠᠭ᠎ᠠ ᠶᠢᠨ ᠲᠥᠰᠥᠯ ᠢ ᠲᠠᠬᠢᠨ ᠵᠣᠬᠢᠶᠠᠨ ᠪᠠᠶᠢᠭᠤᠯᠬᠤ ᠳᠤ ᠲᠦᠰᠢᠭᠯᠡᠨ ᠰᠢᠶᠠᠩ ᠶᠠᠩ ᠤᠨ ᠨᠡᠭᠦᠷᠡᠰᠦᠨ ᠤ ᠦᠢᠯᠡᠰ ᠢ ᠨᠡᠩ ᠶᠡᠭᠡ  ᠠᠮᠢᠵᠢᠷᠠᠯ ᠤᠨ ᠬᠦᠴᠦᠨ ᠲᠠᠢ ᠪᠣᠯᠭᠠᠵᠤ ᠂ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠎ ᠢ ᠨᠢ ᠰᠡᠷᠭᠦᠭᠡᠬᠦ ᠪᠠᠷ ᠳᠠᠮᠵᠢᠨ ᠪᠤᠢ ᠪᠣᠯᠤᠭᠰᠠᠨ ᠠᠵᠤ ᠠᠬᠤᠢ ᠨᠡᠶᠢᠭᠡᠮ ᠤᠨ ᠦᠷ᠎ᠡ ᠠᠰᠢᠭ ᠢ ᠡᠭᠦᠳᠴᠦ᠂ ᠡᠷᠬᠢᠨ ᠲᠣᠭᠤᠷᠢᠨ ᠤ ᠪᠠᠯᠭᠠᠰᠤ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠨ᠂ ᠣᠷᠣᠨ ᠨᠤᠲᠤᠭ ᠪᠣᠯᠣᠨ ᠠᠵᠤ ᠠᠬᠤᠶᠢᠯᠠᠯ ᠤᠨ ᠬᠤᠣᠰ ᠠᠮᠵᠢᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ︔ ᠠᠵᠤ ᠠᠬᠤᠶᠢᠯᠠᠯ ᠤᠨ ᠬᠢᠨ ᠢᠮᠠᠭᠲᠠ ᠠᠮᠤᠷ ᠲᠦᠪᠰᠢᠨ ᠤ ᠬᠥᠪᠴᠢ ᠪᠠᠨ ᠴᠢᠩᠭᠠᠷᠠᠭᠤᠯᠵᠤ ᠂ ᠠᠮᠤᠷ ᠲᠦᠪᠰᠢᠨ ᠤ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠰᠠᠬᠢᠵᠤ ᠂ ᠠᠮᠤᠷ ᠲᠦᠪᠰᠢᠨ ᠢ ᠥᠨᠡᠨ ᠬᠦ ᠪᠠᠲᠤᠯᠠᠭᠰᠠᠨ ᠤᠷᠢᠲᠠᠯ ᠳᠣᠣᠷ᠎ᠠ ᠂ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ ᠂ ᠠᠯᠢ ᠲᠦᠷᠭᠡᠨ ᠢᠶᠠᠷ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠤᠭᠤᠯᠤᠨ᠂ ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠶᠢ ᠬᠦᠰᠡᠵᠦ ᠪᠠᠶᠢᠨ᠎ᠠ᠃ ᠶᠤᠸᠠᠨ ᠪᠦᠦ ᠱᠠᠨ ᠲᠣᠭᠤᠷᠢᠭ ᠤᠨ ᠨᠠᠮ ᠤᠨ  ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠴᠤ  ᠠᠷᠠᠯᠵᠢᠶ᠎ᠠ ᠶᠢ ᠴᠢᠬᠤᠯᠠᠴᠢᠯᠠᠬᠤ ᠂ ᠠᠷᠠᠯᠵᠢᠶ᠎ᠠ ᠶᠢ ᠳᠣᠲᠣᠨᠣᠴᠢᠯᠠᠬᠤ ᠂ ᠠᠷᠠᠯᠵᠢᠶ᠎ᠠ ᠶᠢ ᠬᠦᠨᠳᠦᠳᠬᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ ᠂ ᠥᠩᠭᠡᠷᠡᠭᠰᠡᠨ ᠲᠠᠢ ᠪᠠᠨ ᠠᠳᠠᠯᠢ ᠪᠠᠷ ᠦᠢᠯᠡᠴᠢᠯᠡᠭᠡᠨ ᠤ ᠠᠵᠢᠯ ᠢᠶᠠᠨ ᠰᠠᠶᠢᠲᠤᠷ ᠬᠢᠵᠦ ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠰᠢᠯᠢᠳᠡᠭ ᠨᠠᠷᠢᠯᠢᠭ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠨ᠎ᠠ ᠭᠡᠵᠦ ᠵᠢᠭᠠᠵᠤ ᠭᠠᠷᠭᠠᠪᠠ᠃    ᠶᠣᠰᠣᠯᠠᠯ ᠳᠡᠭᠡᠷ᠎ᠡ ᠂ ᠫᠢᠩᠵᠤᠸᠠᠩ ᠪᠠᠯᠭᠠᠰᠤᠨ ᠤ ᠬᠠᠷᠢᠭᠤᠴᠠᠯᠭᠠᠲᠠᠨ ᠠᠴᠠ ᠰᠢᠶᠠᠩ ᠶᠠᠩ ᠨᠡᠭᠦᠷᠡᠰᠦᠨ ᠤ ᠦᠢᠯᠡᠰ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ ︔ ᠼᠠᠢ ᠵᠢᠶᠠ ᠯᠢᠨ ᠲᠤᠰ ᠤᠳᠠᠭ᠎ᠠ ᠶᠢᠨ ᠬᠠᠮᠲᠤᠷᠠᠯᠴᠠᠭ᠎ᠠ ᠶᠢᠨ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ ᠃ ᠰᠢᠶᠠᠩ ᠶᠠᠩ ᠲᠣᠰᠬᠤᠨ ᠤ ᠬᠠᠷᠢᠭᠤᠴᠠᠯᠭᠠᠲᠠᠨ ᠼᠠᠢ ᠵᠢᠶᠠ ᠯᠢᠨ ᠲᠠᠢ ᠬᠠᠮᠲᠤᠪᠠᠷ ᠰᠢᠶᠠᠩ ᠶᠠᠩ ᠨᠡᠭᠦᠷᠡᠰᠦᠨ ᠤ ᠦᠢᠯᠡᠰ ᠢ ᠲᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠎ ᠢ ᠨᠢ ᠰᠡᠷᠭᠦᠭᠡᠬᠦ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1