ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠤᠨ ᠲᠣᠬᠢᠷᠠᠭᠤᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
   
1_副本.jpg
       3 ᠳ᠋ᠤᠭᠠᠷ ᠰᠠᠷ᠎ᠠ ᠶᠢᠨ 16᠎ ᠤ ᠡᠳᠦᠷ᠂ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠤᠨ ᠲᠣᠬᠢᠷᠠᠭᠤᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠣᠭᠤᠷᠢᠭ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠪᠠ ᠡᠯ᠎ᠡ ᠲᠥᠰᠥᠯ ᠢ ᠠᠬᠢᠭᠤᠯᠬᠤ ᠨᠢᠭᠡᠴᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠼᠤᠤ ᡁᠢ ᠶᠦᠩ ᠴᠢᠬᠤᠯᠠᠴᠢᠯᠠᠭᠰᠠᠨ ᠨᠢ ᠂ ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠢ ᠨᠠᠷᠢᠨ ᠬᠢᠨᠠᠮᠠᠭᠠᠢ ᠡᠮᠬᠢᠯᠡᠵᠦ ᠂ ᠲᠥᠰᠥᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠠᠬᠢᠴᠠ ᠶᠢ ᠲᠦᠷᠭᠡᠳᠬᠡᠵᠦ ᠂ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠦᠢᠴᠡᠳᠬᠡᠵᠦ ᠂ ᠴᠠᠭ ᠲᠤᠬᠠᠢ ᠳᠤᠨᠢ ᠮᠥᠷᠳᠡᠨ ᠵᠣᠯᠭᠠᠭᠤᠯᠵᠤ ᠂ ᠲᠥᠰᠥᠯ ᠢ ᠡᠷᠲᠡ ᠨᠠᠶᠢᠳᠠᠪᠤᠷᠢᠵᠢᠭᠤᠯᠬᠤ ᠂ ᠡᠷᠲᠡ ᠠᠵᠢᠯ ᠡᠬᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃ ᠲᠥᠰᠥᠯ ᠢ ᠲᠥᠯᠥᠪᠵᠢᠭᠦᠯᠵᠦ ᠨᠥᠭᠡᠴᠡᠯᠡᠬᠦ ᠪᠠ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ ᠂ ᠨᠡᠩ ᠤᠯᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠂ ᠨᠡᠮᠡᠯᠲᠡ ᠦᠷᠳᠡᠭ ᠢᠶᠠᠷ ᠥᠨᠳᠥᠷ ᠲᠣᠮᠣ ᠲᠥᠰᠥᠯ᠂ ᠰᠠᠶᠢᠨ ᠲᠥᠰᠥᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ ᠂ ᠲᠥᠰᠥᠯ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ ᠃ ᠳᠡᠭᠡᠳᠦ ᠱᠠᠲᠤᠨ ᠤ ᠰᠠᠯᠠᠭ᠎ᠠ ᠮᠥᠴᠢᠷ ᠎ ᠯᠦᠭᠡ ᠶᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠂ ᠡᠯ᠎ᠡ ᠭᠤᠣᠯᠳᠠᠯᠭ᠎ᠠ ᠲᠠᠢ ᠲᠥᠰᠥᠯ ᠢ ᠴᠠᠭ ᠲᠤᠬᠠᠢ ᠳᠤᠨᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠂ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠃    ᠲᠣᠭᠤᠷᠢᠭ ᠤᠨ ᠤᠳᠤᠷᠢᠳᠤᠯᠭ᠎ᠠ ᠵᠠᠩ ᡁᠢ ᠸᠧᠢ ᠂ ᠵᠢᠶᠣᠣ ᠴᠢᠩ ᠳ᠋ᠦᠩ ᠂ ᠬᠠᠨ ᠶᠠᠨ ᠵᠢᠶᠦ᠋ᠨ ᠂ ᠯᠢ ᡁᠢ ᠭᠠᠩ ᠂ ᠯᠢ ᠽᠥᠩ ᠮᠧᠩ᠂ ᠶᠢᠨ ᠮᠢᠩ ᠂ ᠫᠧᠩ‌‍ᠰᠢᠶᠣᠣ ᠵᠢᠤᠸᠠᠨ ᠬᠤᠷᠠᠯ ᠳᠤ ᠣᠷᠣᠯᠴᠠᠪᠠ ᠃ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠨᠠᠮ ᠤᠨ  ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1