| | | 3 ᠳ᠋ᠤᠭᠠᠷ ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠤᠸᠠᠨ ᠪᠦᠦ ᠱᠠᠨ ᠲᠣᠭᠤᠷᠢᠭ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠤᠨ | ᠲᠣᠬᠢᠷᠠᠭᠤᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠣᠭᠤᠷᠢᠭ ᠤᠨ ᠬᠠᠪᠤᠷ ᠤᠨ ᠤᠯᠠᠷᠢᠯ ᠤᠨ | ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠪᠠ | ᠡᠯ᠎ᠡ ᠲᠥᠰᠥᠯ ᠢ ᠠᠬᠢᠭᠤᠯᠬᠤ ᠨᠢᠭᠡᠴᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠼᠤᠤ ᡁᠢ ᠶᠦᠩ ᠴᠢᠬᠤᠯᠠᠴᠢᠯᠠᠭᠰᠠᠨ ᠨᠢ ᠂ ᠲᠥᠪᠯᠡᠷᠡᠭᠦᠯᠦᠨ ᠠᠵᠢᠯ ᠡᠬᠢᠯᠡᠭᠦᠯᠬᠦ ᠲᠥᠰᠥᠯ ᠢ ᠨᠠᠷᠢᠨ ᠬᠢᠨᠠᠮᠠᠭᠠᠢ | ᠡᠮᠬᠢᠯᠡᠵᠦ ᠂ ᠲᠥᠰᠥᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠠᠬᠢᠴᠠ ᠶᠢ | ᠲᠦᠷᠭᠡᠳᠬᠡᠵᠦ ᠂ ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠦᠢᠴᠡᠳᠬᠡᠵᠦ ᠂ ᠴᠠᠭ ᠲᠤᠬᠠᠢ ᠳᠤᠨᠢ ᠮᠥᠷᠳᠡᠨ | ᠵᠣᠯᠭᠠᠭᠤᠯᠵᠤ ᠂ ᠲᠥᠰᠥᠯ ᠢ ᠡᠷᠲᠡ ᠨᠠᠶᠢᠳᠠᠪᠤᠷᠢᠵᠢᠭᠤᠯᠬᠤ ᠂ ᠡᠷᠲᠡ ᠠᠵᠢᠯ ᠡᠬᠢᠯᠡᠭᠦᠯᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠃ ᠲᠥᠰᠥᠯ ᠢ ᠲᠥᠯᠥᠪᠵᠢᠭᠦᠯᠵᠦ ᠨᠥᠭᠡᠴᠡᠯᠡᠬᠦ ᠪᠠ ᠪᠡᠯᠡ ᠮᠥᠩᠭᠦ ᠣᠯᠬᠤ | ᠡᠷᠴᠢᠮ ᠢᠶᠠᠨ ᠴᠢᠩᠭᠠᠷᠠᠭᠤᠯᠵᠤ ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠵᠤ ᠂ ᠨᠡᠩ ᠤᠯᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠂ ᠨᠡᠮᠡᠯᠲᠡ ᠦᠷᠳᠡᠭ ᠢᠶᠠᠷ | ᠥᠨᠳᠥᠷ ᠲᠣᠮᠣ ᠲᠥᠰᠥᠯ᠂ ᠰᠠᠶᠢᠨ ᠲᠥᠰᠥᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ ᠂ ᠲᠥᠰᠥᠯ ᠤᠨ | ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ | ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠦᠨ | ᠬᠦᠷᠭᠡᠵᠦ ᠂ ᠡᠯ᠎ᠡ ᠭᠤᠣᠯᠳᠠᠯᠭ᠎ᠠ ᠲᠠᠢ ᠲᠥᠰᠥᠯ ᠢ ᠴᠠᠭ ᠲᠤᠬᠠᠢ ᠳᠤᠨᠢ ᠬᠥᠮᠥᠷᠭᠡ ᠳᠤ ᠣᠷᠣᠭᠤᠯᠵᠤ ᠨᠢᠭᠡᠳᠦᠯᠲᠡᠢ | ᠪᠣᠯᠭᠠᠬᠤ ᠂ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠃ | ᠲᠣᠭᠤᠷᠢᠭ ᠤᠨ ᠤᠳᠤᠷᠢᠳᠤᠯᠭ᠎ᠠ ᠵᠠᠩ ᡁᠢ ᠸᠧᠢ ᠂ ᠵᠢᠶᠣᠣ ᠴᠢᠩ ᠳ᠋ᠦᠩ ᠂ ᠬᠠᠨ ᠶᠠᠨ ᠵᠢᠶᠦ᠋ᠨ ᠂ ᠯᠢ ᡁᠢ | ᠭᠠᠩ ᠂ ᠯᠢ ᠽᠥᠩ ᠮᠧᠩ᠂ ᠶᠢᠨ ᠮᠢᠩ ᠂ ᠫᠧᠩᠰᠢᠶᠣᠣ ᠵᠢᠤᠸᠠᠨ ᠬᠤᠷᠠᠯ ᠳᠤ ᠣᠷᠣᠯᠴᠠᠪᠠ ᠃ ᠲᠣᠭᠤᠷᠢᠭ ᠤᠨ | ᠨᠠᠮ ᠤᠨ ᠬᠤᠷᠢᠶᠠᠨ ᠤ ᠠᠯᠪᠠᠨ ᠭᠡᠷ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ | ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | |