ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/23
    1_副本.jpg
       3 ᠰᠠᠷ᠎ᠠ ᠶᠢᠨ 16᠎ ᠤ ᠡᠳᠦᠷ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠹᠦ᠋ ᠰᠢᠸ ᠾᠥᠢ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᠶᠠᠨ ᠵᠢᠶᠦ᠋ᠨ᠂ ᠯᠢ ᡁᠢ ᠭᠠᠩ ᠂ ᠵᠠᠩ ᠯᠢ ᠲᠤᠤ ᠬᠤᠷᠠᠯ ᠳᠤ ᠣᠷᠣᠯᠴᠠᠵᠤ ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠨᠠᠮ ︵ ᠠᠵᠢᠯᠴᠢᠨ ︶᠎ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠪᠠ ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ︔ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ 2023 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃    ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠲᠦᠷᠦ ᠶᠢᠨ ᠨᠠᠮ ᠤᠨ ᠵᠥᠪᠯᠡᠯᠭᠡ ᠂ ᠦᠨᠳᠦᠰᠦᠲᠡᠨ ᠂ ᠱᠠᠰᠢᠨ ᠰᠤᠷᠲᠠᠬᠤᠨ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠵᠡᠷᠭᠡ ᠨᠢᠭᠡᠳᠦᠮᠡᠯ ᠹᠷᠣᠨᠲ ᠤᠨ ᠠᠵᠢᠯ ᠢ ᠭᠦᠨᠵᠡᠭᠡᠢ ᠥᠷᠨᠢᠭᠦᠯᠵᠦ ᠂ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠥᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠤᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ ᠂ ᠡᠯ᠎ᠡ ᠪᠦᠷᠢᠯᠳᠦᠭᠦᠨ ᠨᠢᠭᠡᠴᠢ ᠶᠢᠨ ᠬᠢᠨ ᠲᠤᠰ ᠲᠤᠰ ᠤᠨ ᠡᠭᠦᠷᠭᠡ ᠲᠤᠰᠢᠶᠠᠯ  ᠪᠠ ᠬᠠᠷᠢᠭᠤᠴᠠᠯᠭ᠎ᠠ ᠪᠠᠨ ᠭᠦᠢᠴᠡᠳᠬᠡᠵᠦ ᠂ ᠨᠢᠭᠲᠠ ᠬᠤᠯᠪᠤᠭᠠᠯᠠᠨ ᠬᠥᠳᠡᠯᠦᠯᠴᠡᠵᠦ ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠥᠷᠢᠯᠳᠥᠭᠦᠯᠥᠨ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1