3 ᠳ᠋ᠤᠭᠠᠷ ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠬᠥᠳᠡᠭᠡ ᠲᠣᠰᠬᠤᠨ ᠤ | ᠠᠵᠢᠯ ᠤᠨ ᠬᠤᠷᠠᠯ ᠬᠤᠷᠠᠯᠳᠤᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠣᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠡᠨᠡ ᠵᠢᠯ ᠤᠨ ᠮᠠᠨ ᠤ ᠲᠣᠭᠤᠷᠢᠭ ᠤᠨ ︽ᠬᠥᠳᠡᠭᠡ ᠠᠵᠤ ᠠᠬᠤᠢ ᠂ ᠬᠥᠳᠡᠭᠡ ᠲᠣᠰᠬᠤᠨ ᠂ ᠲᠠᠷᠢᠶᠠᠴᠢᠨ ︾ ᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ | ᠳᠠᠷᠤᠭ᠎ᠠ ᠵᠠᠩ ᡁᠢ ᠸᠧᠢ ᠬᠤᠷᠠᠯ ᠡᠷᠭᠢᠯᠡᠪᠡ᠃ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠬᠤ | ᠨᠥᠬᠦᠳ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠭᠤᠣᠯ | ᠬᠠᠷᠢᠭᠤᠴᠠᠯᠭᠠᠲᠠᠨ ᠂ ᠡᠯ᠎ᠡ ᠪᠠᠯᠭᠠᠰᠤ ᠰᠢᠶᠠᠩ ᠂ ᠫᠢᠩᠵᠤᠸᠠᠩ ᠤᠨ ᠳ᠋ᠦᠩ ᠴᠧᠩ ᠵᠡᠭᠡᠯᠢ ᠭᠤᠳᠤᠮᠵᠢ ᠶᠢᠨ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠪᠣᠯᠣᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠵᠢᠴᠢ | ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︵ ᠡᠷᠬᠢᠯᠡᠭᠴᠢ ︶ ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ ᠃ | ᠼᠤᠤ ᡁᠢ ᠶᠦᠩ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠳᠤ ᠥᠪᠡᠷ ᠤᠨ ᠥᠪᠡᠷᠮᠢᠴᠡ | ᠰᠢᠨᠵᠢ ᠴᠢᠨᠠᠷ ᠪᠠ ᠣᠨᠴᠠᠯᠢᠭ ᠲᠠᠢ ᠪᠠᠶᠢᠵᠤ᠂ ᠠᠵᠢᠯ ᠣᠯᠭᠤᠯᠲᠠ ᠪᠣᠯᠤᠨ ᠠᠷᠠᠳ ᠤᠨ ᠠᠮᠢᠳᠤᠷᠠᠯ ᠳᠤ | ᠬᠤᠯᠪᠣᠭᠳᠠᠵᠤ᠂ ᠠᠮᠤ ᠪᠤᠳᠠᠭᠠᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠲᠠᠢ | ᠬᠤᠯᠪᠣᠭᠳᠠᠵᠤ ᠪᠠᠶᠢᠳᠠᠭ᠂ ᠡᠨᠡ ᠪᠣᠯ ᠲᠠᠷᠢᠶᠠᠴᠢᠳ ᠤᠨ ᠠᠮᠤᠷ ᠲᠠᠶᠢᠪᠤᠩ ᠠᠵᠤ ᠲᠦᠷᠦᠭᠦ ᠶᠢ ᠪᠡᠶᠡᠯᠡᠭᠦᠯᠬᠦ ᠶᠢᠨ | ᠪᠠᠲᠤᠯᠠᠭ᠎ᠠ ᠮᠥᠨ᠂ ᠨᠡᠶᠢᠭᠡᠮ ᠤᠨ ᠠᠮᠤᠷ ᠲᠣᠭᠲᠠᠭᠤᠨ ᠪᠠᠶᠢᠬᠤ ᠶᠢᠨ ᠰᠠᠭᠤᠷᠢ ᠮᠥᠨ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠠᠳᠠᠯᠢ ᠪᠤᠰᠤ ᠳᠠᠪᠬᠤᠷᠭ᠎ᠠ ᠠᠴᠠ ᠭᠤᠣᠯ ᠴᠢᠭᠯᠡᠯ ᠢ ᠰᠠᠶᠢᠲᠤᠷ ᠡᠵᠡᠮᠳᠡᠵᠦ ᠂ ᠥᠪᠡᠷ | ᠥᠪᠡᠷ ᠤᠨ ᠣᠨᠴᠠᠯᠢᠭ ᠢᠶᠠᠨ ᠰᠠᠶᠢᠲᠤᠷ ᠠᠰᠢᠭᠯᠠᠵᠤ ᠂ ᠨᠠᠳᠠ ᠲᠠᠢ ᠬᠤᠯᠪᠣᠭᠳᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠥᠨᠡᠨ ᠬᠦ ᠪᠤᠢ ᠪᠣᠯᠭᠠᠵᠤ ᠂ ᠪᠣᠳᠠᠲᠠᠢ ᠲᠠᠢ ᠨᠡᠶᠢᠴᠡᠬᠦ ᠬᠥᠭᠵᠢᠯᠲᠡ ᠶᠢᠨ ᠠᠷᠭ᠎ᠠ ᠵᠠᠮ ᠢ ᠡᠷᠢᠨ ᠣᠯᠵᠤ ᠂ | ᠬᠥᠭᠵᠢᠯᠲᠡ ᠶᠢᠨ ᠰᠡᠳᠬᠢᠴᠡ ᠪᠠᠨ ᠥᠨᠡᠨ ᠬᠦ ᠲᠣᠳᠣᠷᠬᠠᠢ ᠪᠣᠯᠭᠠᠵᠤ ᠂ ᠬᠥᠳᠡᠭᠡ ᠲᠣᠰᠬᠤᠨ ᠤ ᠠᠵᠢᠯ ᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ ᠃ ᠬᠥᠳᠡᠭᠡ ᠠᠵᠤ ᠠᠬᠤᠢ ᠶᠢᠨ | ᠬᠥᠭᠵᠢᠯᠲᠡ ᠶᠢᠨ ᠵᠠᠭᠪᠤᠷ ᠢ ᠲᠦᠷᠭᠡᠨ ᠬᠤᠪᠢᠷᠠᠭᠤᠯᠵᠤ ᠂ ᠲᠦᠷᠦᠯ ᠲᠡᠮᠳᠡᠭ ᠤᠨ ᠬᠦᠴᠦᠨ ᠳᠤ ᠲᠦᠰᠢᠭᠯᠡᠨ ᠂ ︽ | ᠬᠥᠳᠡᠭᠡ ᠠᠵᠤ ᠠᠬᠤᠢ + ︾ ᠠᠵᠢᠯ ᠢ ᠰᠠᠶᠢᠲᠤᠷ ᠬᠢᠬᠦ ᠶᠢᠨ ᠵᠡᠷᠭᠡᠪᠡᠷ ︽ ᠡᠯᠧᠺᠲᠷᠤᠨ ᠬᠤᠳᠠᠯᠳᠤᠭ᠎ᠠ ︾ ᠶᠢᠨ | ᠠᠶᠠᠯᠠᠯ ᠳᠤ ᠭᠠᠷᠴᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠪᠣᠳᠠᠲᠠᠢ ᠠᠳᠬᠤᠬᠤ | ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠬᠡᠵᠦ ᠂ ᠰᠢᠨ᠎ᠡ ᠬᠡᠯᠪᠡᠷᠢ ᠶᠢᠨ ᠤᠰᠤ ᠠᠷᠪᠢᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠯᠣᠭᠠᠶᠢᠯᠠᠭᠴᠢ ᠴᠢᠳᠠᠪᠤᠷᠢᠲᠠᠨ ᠢ ᠠᠭᠤᠳᠠᠯᠤᠨ ᠪᠣᠶᠢᠵᠢᠭᠤᠯᠵᠤ ᠂ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠥᠨᠵᠡᠭᠡᠶᠢᠷᠡᠭᠦᠯᠥᠨ᠂ ᠭᠠᠵᠠᠷ ᠰᠢᠷᠣᠢ ᠂ ᠤᠰᠤᠨ ᠤ | ᠡᠬᠢ ᠪᠠᠶᠠᠯᠢᠭ ᠂ ᠴᠢᠳᠠᠪᠤᠷᠢᠲᠠᠨ ᠂ ᠥᠭᠡᠷᠡᠴᠢᠯᠡᠯᠲᠡ ᠵᠡᠷᠭᠡ ᠲᠠᠯ᠎ᠠ ᠪᠠᠷ ᠬᠥᠳᠡᠭᠡ ᠲᠣᠰᠬᠤᠨ ᠤ ᠠᠵᠢᠯ ᠤᠨ | ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠠᠳᠬᠤᠬᠤ ᠬᠡᠷᠡᠭᠲᠡᠢ ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠪᠠᠶᠢᠭᠤᠯᠤᠨ ᠴᠢᠩᠭᠠᠳᠬᠠᠵᠤ ᠂ ᠬᠥᠳᠡᠭᠡ ᠲᠣᠰᠬᠤᠨ ᠤ ᠵᠠᠩ ᠰᠤᠷᠲᠠᠯ ᠤᠨ | ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ ᠂ ᠠᠮᠤ ᠪᠤᠳᠠᠭᠠᠨ ᠤ ᠠᠮᠤᠷ ᠲᠦᠪᠰᠢᠨ | ᠪᠣᠯᠣᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠲᠦᠷᠭᠡᠨ ᠪᠠᠶᠢᠭᠤᠯᠵᠤ ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ | ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠴᠣᠭᠴᠠᠯᠠᠬᠤ ᠬᠡᠷᠡᠭᠲᠡᠢ ᠃ ᠪᠦᠬᠦ ᠬᠡᠯᠬᠢᠶᠡᠨ ᠤ ᠬᠠᠷᠢᠭᠤᠴᠠᠯᠭ᠎ᠠ ᠶᠢ | ᠴᠢᠩᠭ᠎ᠠ ᠣᠨᠢᠰᠤᠯᠠᠵᠤ ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠨᠢ ᠵᠢᠯᠤᠭᠤᠳᠴᠤ ᠂ ᠡᠯ᠎ᠡ | ᠰᠠᠯᠠᠭ᠎ᠠ ᠮᠥᠴᠢᠷ ᠢ ᠶᠡᠷᠦᠩᠬᠡᠶᠢᠯᠡᠨ ᠵᠢᠯᠤᠭᠤᠳᠴᠤ ᠲᠥᠰᠥᠯ ᠢ ᠬᠡᠷᠡᠭᠵᠢᠭᠦᠯᠬᠦ ᠂ ᠪᠡᠯᠡ ᠮᠥᠩᠭᠦ ᠶᠢ ᠬᠡᠷᠡᠭᠯᠡᠬᠦ ᠵᠡᠷᠭᠡ | ᠲᠦᠷᠦᠭᠦᠯᠡᠨ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ | ᠪᠠᠳᠠᠷᠠᠭᠤᠯᠵᠤ ᠂ ᠲᠠᠷᠢᠶᠠᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠣᠳᠠᠲᠠᠢ | ᠠᠵᠢᠯ ᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠬᠡᠷᠡᠭᠲᠡᠢ ︔ ᠡᠯ᠎ᠡ ᠪᠠᠯᠭᠠᠰᠤ ᠰᠢᠶᠠᠩ ᠤᠨ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠤᠣᠯ | ᠬᠠᠷᠢᠭᠤᠴᠠᠯᠭ᠎ᠠ ᠭᠤᠣᠯ ᠠᠵᠢᠯ ᠢᠶᠠᠨ ᠪᠣᠯᠭᠠᠬᠤ ᠬᠡᠷᠡᠭᠲᠡᠢ ︔ ᠲᠣᠰᠬᠤᠨ ᠤ ᠱᠠᠲᠤᠨ ᠤ ᠬᠤᠶᠠᠷ ᠵᠥᠪᠯᠡᠯ ᠤᠨ | ᠤᠳᠤᠷᠢᠳᠬᠤ ᠪᠠᠭ ᠡᠷᠬᠡᠪᠰᠢ ᠡᠮᠥᠨ᠎ᠡ ᠨᠢ ᠭᠠᠪᠰᠢᠭᠠᠶᠢᠯᠠᠵᠤ᠂ ᠪᠦᠬᠦ ᠲᠣᠰᠬᠤᠨ ᠤ ᠬᠥᠭᠵᠢᠯᠲᠡ ᠶᠢᠨ ᠲᠤᠭ ᠲᠡᠮᠳᠡᠭ | ᠪᠣᠯᠵᠤ ᠂ ᠱᠠᠲᠤ ᠱᠠᠲᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠡᠯ᠎ᠡ ᠵᠦᠢᠯ ᠤᠨ ᠬᠠᠷᠠᠯᠲᠠ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠨᠡᠩ ᠥᠷᠭᠡᠨ ᠬᠠᠷᠠᠭᠠᠰᠤ ᠂ ᠨᠡᠩ ᠰᠢᠯᠢᠳᠡᠭ | ᠠᠵᠢᠯᠯᠠᠬᠤ ᠠᠷᠭ᠎ᠠ ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠰᠢᠨ᠎ᠡ ᠠᠶᠠᠨ ᠵᠠᠮ ᠳᠠᠬᠢ ᠬᠥᠳᠡᠭᠡ ᠠᠵᠤ ᠠᠬᠤᠢ | ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠠᠩ ᡁᠢ ᠸᠧᠢ ᠂ ᠪᠠᠯᠭᠠᠰᠤᠨ ᠤ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ ᠂ ᠭᠤᠷᠪᠠᠨ ᠠᠵᠤ | ᠦᠢᠯᠡᠰ ᠤᠨ ᠠᠭᠤᠰᠤᠯᠴᠠᠯ ᠤᠨ ᠬᠦᠴᠦᠯᠡᠬᠦ ᠴᠡᠭ ᠢ ᠣᠨᠣᠪᠴᠢᠲᠠᠢ ᠣᠯᠵᠤ ᠂ ᠲᠥᠬᠦᠭᠡᠷᠦᠮᠵᠢᠲᠦ ᠲᠠᠷᠢᠶᠠᠯᠠᠩ ᠂ | ᠴᠠᠭᠠᠨ ᠢᠳᠡᠭᠡᠨ ᠤ ᠦᠢᠯᠡᠰ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ ᠂ | ᠬᠥᠳᠡᠭᠡ ᠠᠵᠤ ᠠᠬᠤᠢ ᠪᠣᠯᠣᠨ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ | ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠦᠷᠭᠡᠨ | ᠪᠣᠶᠢᠵᠢᠭᠤᠯᠤᠨ ᠬᠥᠭᠵᠢᠭᠦᠯᠬᠦ ᠬᠡᠷᠡᠭᠲᠡᠢ ᠃ ᠴᠠᠭᠠᠨ ᠢᠳᠡᠭᠡᠨ ᠤ ᠠᠵᠤ ᠦᠢᠯᠡᠰ ᠤᠨ ᠳᠡᠭᠡᠳᠦ ᠳᠣᠣᠷᠠᠳᠤ | ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠨᠠᠪᠲᠠᠷᠡᠭᠦᠯᠵᠦ᠂ ᠢᠯᠢ᠂ ᠸᠧᠢ ᠼᠦᠩ ᠠᠵᠤ ᠠᠬᠤᠶᠢᠯᠠᠯ ᠤᠨ | ᠴᠠᠭᠠᠨ ᠢᠳᠡᠭᠡᠨ ᠤ ᠪᠦᠲᠦᠭᠡᠭᠳᠡᠬᠦᠨ ᠤ ᠲᠥᠷᠥᠯ ᠵᠦᠢᠯ ᠢᠶᠠᠨ ᠪᠠᠶᠠᠯᠢᠭᠵᠢᠭᠤᠯᠬᠤ ᠶᠢ ᠳᠡᠮᠵᠢᠵᠦ ᠂ ᠴᠠᠭᠠᠨ | ᠢᠳᠡᠭᠡᠨ ᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠰᠠᠶᠢᠲᠤᠷ ᠠᠳᠬᠤᠵᠤ᠂ ᠴᠠᠭᠠᠨ ᠢᠳᠡᠭᠡᠨ ᠤ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠳᠡᠭᠡᠭᠰᠢᠯᠡᠭᠦᠯᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠤ | ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠤᠨ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ | ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠲᠠᠷᠢᠶᠠᠴᠢᠳ ᠤᠨ | ᠦᠢᠯᠡᠳᠪᠦᠷᠢᠯᠡᠯ ᠤᠨ ᠴᠢᠨᠠᠷᠲᠠᠢ ᠂ ᠡᠵᠡᠩᠨᠡᠯᠲᠡ ᠶᠢᠨ ᠴᠢᠨᠠᠷᠲᠠᠢ ᠂ ᠬᠥᠳᠡᠯᠮᠦᠷᠢ ᠦᠢᠯᠡᠴᠢᠯᠡᠭᠡᠨ ᠤ ᠴᠢᠨᠠᠷᠲᠠᠢ | ᠣᠷᠣᠯᠭ᠎ᠠ ᠶᠢ ᠪᠦᠲᠦᠮᠵᠢᠲᠡᠶ ᠪᠠᠷ ᠨᠡᠮᠡᠭᠳᠡᠭᠦᠯᠵᠦ ᠂ ᠤᠯᠠᠨ ᠲᠦᠮᠡᠨ ᠤ ᠪᠠᠶᠠᠵᠢᠨ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ ᠃ ᠰᠢᠯᠢᠳᠡᠭ ᠦᠷ᠎ᠡ ᠪᠠ ᠨᠠᠬᠢᠶ᠎ᠠ ᠮᠣᠳᠤᠨ ᠤ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ ᠂ | ᠤᠮᠠᠷᠠᠲᠤ ᠶᠢᠨ ᠦᠷ᠎ᠡ ᠪᠠ ᠨᠠᠬᠢᠶ᠎ᠠ ᠮᠣᠳᠤᠨ ᠤ ᠠᠷᠠᠯᠵᠢᠶᠠᠨ ᠤ ᠲᠥᠪ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵ᠊᠂ | ᠦᠷ᠎ᠡ ᠪᠠ ᠨᠠᠬᠢᠶ᠎ᠠ ᠮᠣᠳᠤᠨ ᠤ ᠵᠢᠵᠢᠭ ᠪᠠᠯᠭᠠᠰᠤᠨ ᠤ ᠶᠠᠰᠤ ᠴᠢᠨᠠᠷ ᠪᠠ ᠬᠡᠪᠴᠢᠶ᠎ᠡ ᠶᠢ ᠳᠡᠭᠡᠭᠰᠢᠯᠡᠭᠦᠯᠦᠨ | ᠪᠤᠵᠠᠭᠠᠶᠢᠷᠠᠭᠤᠯᠬᠤ ᠬᠡᠷᠡᠭᠲᠡᠢ ᠃ ᠮᠣᠬᠤᠷ ᠭᠤᠣᠯ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ | ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠠᠵᠤ ᠦᠢᠯᠡᠰ ᠤᠨ ᠪᠦᠯᠦᠭᠵᠢᠯ ᠢ | ᠪᠤᠵᠠᠭᠠᠶᠢᠷᠠᠭᠤᠯᠵᠤ ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠃ ᠬᠤᠯᠪᠣᠭᠳᠠᠯ | ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠳᠡᠭᠡᠳᠦ ᠱᠠᠲᠤᠨ ᠤ ᠲᠠᠪᠴᠠᠩ ᠳᠤ ᠢᠳᠡᠪᠬᠢᠲᠡᠢ ᠲᠠᠨᠢᠯᠴᠠᠭᠤᠯᠤᠨ | ᠵᠣᠯᠭᠠᠭᠤᠯᠵᠤ᠂ ᠨᠢᠭᠡ ᠪᠦᠯᠦᠭ ᠲᠣᠰ ᠭᠠᠵᠠᠷ ᠤᠨ ᠣᠨᠴᠠᠯᠢᠭ ᠢ ᠨᠡᠶᠢᠯᠡᠭᠦᠯᠦᠭᠰᠡᠨ ᠲᠣᠰ ᠭᠠᠵᠠᠷ ᠤᠨ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠬᠡᠷᠡᠭᠲᠡᠢ ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ ᠂ ᠠᠶᠢᠯ | ᠲᠣᠰᠬᠤᠨ ᠢ ᠴᠡᠪᠡᠷᠯᠡᠬᠦ ᠪᠠ ᠨᠣᠭᠤᠭᠠᠷᠠᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠃ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠶᠢ ᠪᠠᠶᠢᠭᠤᠯᠤᠨ ᠴᠢᠩᠭᠠᠳᠬᠠᠵᠤ ᠂ ᠬᠥᠳᠡᠭᠡ ᠲᠣᠰᠬᠤᠨ ᠤ ᠡᠪᠡᠳᠴᠢᠨ | ᠡᠮᠭᠡᠭ ᠢ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠬᠥᠳᠡᠭᠡ ᠲᠣᠰᠬᠤᠨ ᠤ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠲᠦᠯᠬᠢᠨ ᠠᠬᠢᠭᠤᠯᠵᠤ ᠂ ᠬᠥᠳᠡᠭᠡ ᠲᠣᠰᠬᠤᠨ ᠤ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ ᠃ ︽ ᠭᠤᠷᠪᠠ ᠶᠢ ᠬᠤᠪᠢᠷᠠᠭᠤᠯᠬᠤ ︾ ᠂ ︽ | ᠭᠤᠷᠪᠠ ᠶᠢ ᠨᠢᠭᠡ ᠴᠣᠭᠴᠠᠵᠢᠭᠤᠯᠬᠤ ︾ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ | ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠠᠰᠢᠭ ᠲᠤᠰᠠ ᠶᠢ ᠬᠤᠯᠪᠣᠬᠤ | ᠲᠣᠭᠲᠠᠴᠠ ᠶᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠪᠣᠯᠣᠨ ᠲᠠᠷᠢᠶᠠᠴᠢᠳ ᠤᠨ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ ᠂ ᠠᠵᠢᠯ ᠬᠤᠪᠢᠶᠠᠷᠢᠯᠠᠨ ᠬᠠᠮᠲᠤᠷᠠᠯᠴᠠᠬᠤ ᠪᠠᠶᠢᠷᠢᠰᠢᠯ ᠢ ᠪᠠᠶᠢᠭᠤᠯᠬᠤ ᠬᠡᠷᠡᠭᠲᠡᠢ ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠤᠷᠢᠭ᠎ᠠ ᠱᠤᠭᠤᠮ ᠤᠨ ᠡᠭᠦᠷᠭᠡ ᠶᠢ | ᠰᠠᠶᠢᠲᠤᠷ ᠪᠡᠶᠡᠯᠡᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠥ ᠵᠢᠭᠠᠵᠤ ᠭᠠᠷᠭᠠᠵᠠᠢ᠃ | ᠬᠤᠷᠠᠯ ᠳᠡᠭᠡᠷ᠎ᠡ ᠂ ᠵᠠᠩ ᡁᠢ ᠸᠧᠢ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ ᠭᠠᠯ ᠢ ᠰᠡᠷᠭᠡᠶᠢᠯᠡᠬᠦ | ᠠᠵᠢᠯ ᠢ ᠴᠢᠬᠤᠯᠠᠴᠢᠯᠠᠪᠠ ᠃ ᠲᠡᠷᠡ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ | ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ | ᠠᠳᠬᠤᠵᠤ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠦᠢᠯᠡᠳᠪᠦᠷᠢᠯᠡᠯ ᠤᠨ ᠡᠳ᠋ ᠪᠣᠳᠠᠰ ᠤᠨ | ᠲᠤᠭ᠎ᠠ ᠬᠡᠮᠵᠢᠶ᠎ᠡ ᠭᠦᠢᠴᠡᠳ᠂ ᠦᠨ᠎ᠡ ᠬᠠᠩᠰᠢ ᠲᠣᠭᠲᠠᠭᠤᠨ᠂ ᠶᠠᠰᠤ ᠴᠢᠨᠠᠷ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ | ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ ᠂ ᠠᠵᠢᠯᠲᠠᠨ | ᠲᠣᠬᠢᠷᠠᠭᠤᠯᠬᠤ ᠂ ᠮᠠᠰᠢᠨ ᠪᠠᠭᠠᠵᠢ ᠪᠡᠯᠡᠳᠬᠡᠬᠦ ᠶᠢ ᠤᠷᠢᠳᠴᠢᠯᠠᠨ ᠰᠠᠶᠢᠲᠤᠷ ᠬᠢᠵᠦ ᠂ ᠭᠠᠯ ᠤᠨ ᠠᠶᠤᠯ ᠤᠨ ᠭᠡᠮ | ᠰᠤᠭᠤᠭ ᠢ ᠡᠩᠨᠡᠭᠦᠯᠥᠨ ᠪᠠᠶᠢᠴᠠᠭᠠᠬᠤ ᠶᠢ ᠴᠢᠩᠭᠠᠳᠬᠠᠨ ᠂ ᠭᠠᠯ ᠤᠨ ᠢᠷᠡᠯ ᠭᠠᠯ ᠤᠨ ᠵᠥᠢᠯ ᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠢ ᠥᠨᠡᠨ ᠬᠦ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | |