ᠶᠤᠸᠠᠨ ᠪᠦᠦ ᠱᠠᠨ ᠲᠣᠭᠤᠷᠢᠭ ᠤᠨ 35 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠵᠢᠴᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠠᠮ ᠬᠢᠨᠠᠯᠲᠠ ᠶᠢ ᠤᠭᠲᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/23
    
1_副本.jpg
       3 ᠰᠠᠷ᠎ᠠ ᠶᠢᠨ 17᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ 35 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠵᠢᠴᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠬᠠᠮ ᠬᠢᠨᠠᠯᠲᠠ ᠶᠢ ᠤᠭᠲᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠪᠦᠦ ᠶᠦᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠢ ᠡᠷᠭᠢᠯᠡᠵᠦ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠠᠵᠢᠯ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠪᠦᠷᠢᠯᠳᠦᠭᠦᠨ ᠨᠢᠭᠡᠴᠢ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠪᠣᠳᠠᠲᠠᠢ ᠠᠵᠢᠯ ᠢ ᠭᠥᠢᠴᠡᠳᠬᠡᠬᠦ ᠬᠥᠮᠥᠰ ᠬᠤᠷᠠᠯ ᠳᠤ ᠣᠷᠣᠯᠴᠠᠵᠠᠢ ᠃    ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠨᠢᠭᠡᠴᠢ ᠨᠦᠭᠦᠳ ᠦᠵᠡᠯ ᠰᠠᠨᠠᠭ᠎ᠠ ᠪᠠᠨ ᠬᠤᠪᠢᠷᠠᠭᠤᠯᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠬᠠᠮ ᠬᠢᠨᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠣᠳᠣᠷᠬᠠᠢ ᠲᠠᠨᠢᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠶᠢ ᠲᠣᠪᠤᠶᠢᠯᠭᠠᠨ᠂ ᠠᠵᠢᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ  ᠬᠠᠮ ᠬᠢᠨᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠰᠠᠶᠢᠲᠤᠷ ᠥᠷᠨᠢᠭᠦᠯᠬᠦ ᠬᠡᠷᠡᠭᠲᠡᠢ ᠃ ᠪᠣᠳᠠᠲᠠᠢ ᠳᠤ ᠰᠠᠭᠤᠷᠢᠯᠠᠵᠤ ᠂ ᠲᠥᠪᠯᠡᠷᠡᠭᠦᠯᠦᠨ ᠪᠣᠭᠤᠮᠲᠠ ᠰᠢᠪᠲᠤᠯᠵᠤ ᠂ ᠰᠠᠭᠤᠷᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠂ ᠪᠠᠭᠤᠷᠠᠢ ᠭᠤᠭᠴᠤᠭ᠎ᠠ ᠶᠢ ᠨᠥᠬᠦᠪᠦᠷᠢᠯᠡᠬᠦ ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠳᠡᠭᠡᠷ᠎ᠡ ᠬᠦᠴᠦ ᠲᠠᠯᠪᠢᠵᠤ ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠬᠤ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠬᠢᠨᠠᠨ ᠵᠢᠯᠤᠭᠤᠳᠴᠤ ᠬᠢᠨᠠᠨ ᠰᠢᠯᠭᠠᠬᠤ ᠶᠠᠪᠤᠴᠠ ᠳᠤ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠶᠴᠡᠬᠦ ᠪᠠ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠥ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1