ᠶᠤᠸᠠᠨ ᠪᠦᠦ ᠱᠠᠨ ᠲᠣᠭᠤᠷᠢᠭ 2023 ᠣᠨ ᠤ ᠭᠤᠣᠯᠳᠠᠯᠭ᠎ᠠ ᠲᠠᠢ ᠲᠥᠰᠥᠯ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/23
    ᠪᠠᠰᠠ ᠨᠢᠭᠡ ᠵᠢᠯ ᠤᠨ ᠬᠠᠪᠤᠷ ᠤᠨ ᠰᠠᠶᠢᠬᠠᠨ ᠤᠯᠠᠷᠢᠯ᠂ ᠡᠷᠡᠯᠬᠡᠭᠯᠡᠨ ᠴᠢᠷᠮᠠᠶᠢᠵᠤ ᠡᠮᠥᠨ᠎ᠡ ᠡᠩᠨᠡᠭᠡ ᠵᠦᠭ ᠮᠡᠷᠡᠶᠢᠬᠦ ᠰᠠᠶᠢᠨ ᠴᠠᠭ᠃ 3 ᠳ᠋ᠤᠭᠠᠷ ᠰᠠᠷ᠎ᠠ ᠶᠢᠨ 17᠎ ᠤ ᠡᠳᠦᠷ᠂ ᠮᠠᠨ ᠤ ᠲᠣᠭᠤᠷᠢᠭ 2023 ᠣᠨ ᠤ ᠭᠤᠣᠯᠳᠠᠯᠭ᠎ᠠ ᠲᠠᠢ  ᠲᠥᠰᠥᠯ ᠤᠨ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠶᠠᠪᠤᠭᠤᠯᠵᠤ᠂ ᠲᠣᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠼᠤᠤ ᡁᠢ ᠶᠦᠩ᠂ ᠵᠠᠩ ᡁᠢ ᠸᠧᠢ᠂ ᠯᠢ ᠺᠠᠢ᠂ ᠸᠠᠩ ᠵᠧᠨ ᠯᠢᠶᠠᠩ ᠨᠠᠷ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃ ᠡᠯ᠎ᠡ ᠪᠠᠯᠭᠠᠰᠤ ᠰᠢᠶᠠᠩ ᠵᠡᠭᠡᠯᠢ ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠭᠤᠣᠯᠳᠠᠯᠭ᠎ᠠ ᠲᠠᠢ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ ᠃    ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠲᠥᠰᠥᠯ ᠢ ᠲᠥᠪᠯᠡᠷᠡᠭᠦᠯᠦᠨ ᠡᠬᠢᠯᠡᠭᠦᠯᠥᠭᠰᠡᠨ ᠢ ᠵᠠᠷᠯᠠᠪᠠ᠃    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ ᠪᠠᠶᠠᠷ ᠤᠨ ᠦᠭᠡ ᠬᠡᠯᠡᠭᠰᠡᠨ ᠪᠥᠭᠡᠳ ᠲᠥᠰᠥᠯ ᠤᠨ ᠠᠵᠢᠯ ᠡᠬᠢᠯᠡᠭᠰᠡᠨ ᠪᠠᠶᠢᠳᠠᠯ ᠢ ᠲᠠᠨᠢᠯᠴᠠᠭᠤᠯᠪᠠ ᠃ ᠲᠡᠷᠡ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠮᠠᠨ ᠤ ᠲᠣᠭᠤᠷᠢᠭ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠲᠥᠰᠥᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠠᠵᠤ ᠦᠢᠯᠡᠳᠪᠦᠷᠢ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠶᠢᠨ ᠴᠢᠬᠤᠯᠠ ᠲᠤᠯᠭᠠᠭᠤᠷᠢ ᠪᠠ ᠠᠵᠤ ᠠᠬᠤᠢ ᠶᠢᠨ ᠨᠡᠮᠡᠭᠳᠡᠯ ᠤᠨ ᠳᠣᠲᠣᠭᠠᠳᠤ ᠬᠥᠳᠡᠯᠭᠡᠭᠦ ᠬᠦᠴᠦᠨ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠦᠢᠯᠡᠴᠢᠯᠡᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠢᠭᠡ ᠪᠦᠯᠦᠭ ᠠᠵᠢᠯ ᠲᠥᠷᠥᠯ ᠤᠨ ᠨᠠᠷᠠᠲᠤ ᠠᠵᠤ ᠠᠬᠤᠶᠢᠯᠠᠯ ᠤᠨ ᠡᠷᠦᠬᠡ ᠠᠮᠠ ᠣᠷᠣᠵᠤ ᠦᠢᠯᠡᠰ ᠬᠥᠭᠵᠢᠭᠦᠯᠦᠨ᠂ ᠨᠢᠭᠡ ᠪᠦᠯᠦᠭ ᠤᠷᠲᠤᠳᠬᠠᠨ ᠪᠠᠶᠢᠭᠤᠯᠵᠤ ᠬᠦᠴᠦᠷᠬᠡᠭᠵᠢᠭᠦᠯᠬᠦ ᠶᠢ ᠨᠥᠬᠦᠪᠦᠷᠢᠯᠡᠬᠦ ᠲᠥᠰᠥᠯ ᠣᠷᠣᠵᠤ ᠢᠷᠡᠨ ᠴᠢᠳᠠᠪᠤᠷᠢ ᠪᠠᠨ ᠪᠠᠳᠠᠷᠠᠭᠤᠯᠵᠤ᠂ ᠨᠢᠭᠡ ᠪᠦᠯᠦᠭ ᠳᠠᠯᠳᠠ ᠬᠦᠴᠦᠨ ᠢᠶᠠᠷ ᠴᠢᠩᠭ᠎ᠠ ᠲᠥᠰᠥᠯ ᠤᠨ ᠬᠦᠴᠦᠨ ᠢ ᠬᠤᠷᠠᠮᠳᠤᠭᠤᠯᠤᠨ ᠡᠬᠢᠯᠡᠭᠦᠯᠬᠦ ᠶᠢ ᠬᠦᠯᠢᠶᠡᠵᠦ᠂ ᠨᠢᠭᠡ ᠪᠦᠯᠦᠭ ᠪᠣᠬᠢᠷᠳᠤᠯ ᠦᠭᠡᠢ᠂ ᠣᠶᠤᠨᠴᠢᠯᠠᠭᠰᠠᠨ᠂ ᠳᠡᠭᠡᠳᠦ ᠦᠵᠦᠭᠦᠷᠴᠢᠯᠡᠭᠰᠡᠨ ︽ᠲᠤᠰᠬᠠᠢ ᠨᠠᠷᠢᠯᠢᠭ ᠣᠨᠴᠠ ᠰᠢᠨ᠎ᠡ︾ ᠲᠥᠰᠥᠯ ᠢ ᠲᠦᠷᠭᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠥᠳᠡᠯᠭᠡᠭᠦ ᠬᠦᠴᠦᠨ ᠢ ᠦᠷᠭᠦᠯᠵᠢᠯᠡᠨ ᠨᠡᠮᠡᠷᠢᠯᠡᠵᠦ᠂ ᠢᠷᠡᠭᠡᠳᠦᠢ ᠶᠢᠨ ᠲᠥᠯᠥᠪ ᠨᠠᠩ ᠰᠠᠷᠠᠭᠤᠯ ᠠᠭᠤᠳᠠᠮ ᠪᠣᠯᠪᠠ᠃ ᠶᠤᠸᠠᠨ ᠪᠦᠦ ᠱᠠᠨ ᠲᠣᠭᠤᠷᠢᠭ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠰᠥᠯ ᠤᠨ ᠪᠦᠲᠦᠭᠡᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ ᠂ ᠴᠢᠨᠠᠷ ᠰᠠᠶᠢᠲᠠᠢ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠲᠤᠷ ᠦᠢᠯᠡᠴᠢᠯᠡᠨ᠎ᠡ ᠃    ᠵᠠᠩ ᡁᠢ ᠸᠧᠢ ᠂ ᠡᠯ᠎ᠡ ᠲᠥᠰᠥᠯ ᠤᠨ ᠨᠢᠭᠡᠴᠢ ᠶᠢᠨ ᠬᠢᠨ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ ᠂ ᠵᠢᠷᠤᠭ ᠡᠯᠭᠦᠨ ᠠᠵᠢᠯᠯᠠᠵᠤ᠂ ᠭᠤᠣᠯᠳᠠᠯᠭ᠎ᠠ ᠲᠠᠢ ᠲᠥᠰᠥᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠲᠠᠢ ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢ ᠲᠠᠢ ᠪᠠᠷ ᠲᠦᠷᠭᠡᠨ ᠠᠬᠢᠭᠤᠯᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠷᠢᠳᠠᠪᠠᠷ ᠦᠢᠯᠡᠴᠢᠯᠡᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠥᠨᠡᠨ ᠬᠦ ᠪᠠᠲᠤᠯᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠵᠢᠶᠣᠣ ᠴᠢᠩ ᠳ᠋ᠦᠩ ᠠᠵᠢᠯ ᠡᠬᠢᠯᠡᠬᠦ ᠶᠣᠰᠣᠯᠠᠯ ᠢ ᠡᠷᠬᠢᠯᠡᠪᠡ ᠃    ᠥᠪᠥᠷ ᠮᠣᠩᠭᠤᠯ ᠤᠨ ᠬᠤᠸᠠᠩ ᠵᠢᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠳ᠋ᠡ ᠹᠧᠢ ᠂ ᠥᠪᠥᠷ ᠮᠣᠩᠭᠤᠯ ᠤᠨ ᠳ᠋ᠠ ᠳ᠋ᠢ ᠶᠤᠸᠠᠨ ᠲᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠦ ᠲᠤᠤ ᠠᠵᠢᠯ ᠡᠬᠢᠯᠡᠭᠦᠯᠦᠭᠰᠡᠨ ᠠᠵᠤ ᠠᠬᠤᠶᠢᠯᠠᠯ ᠢ ᠲᠥᠯᠥᠭᠡᠯᠡᠨ ᠦᠭᠡ ᠬᠡᠯᠡᠪᠡ ᠃    ᠣᠶᠢᠯᠠᠭᠠᠭᠰᠠᠨ ᠢᠶᠠᠷ ᠂ ᠲᠣᠰ ᠤᠳᠠᠭ᠎ᠠ ᠶᠢᠨ ᠲᠥᠪᠯᠡᠷᠡᠭᠦᠯᠦᠨ ᠠᠵᠢᠯ ᠡᠬᠢᠯᠡᠭᠦᠯᠦᠭᠰᠡᠨ 41 ᠲᠥᠰᠥᠯ ᠳᠤ ᠨᠡᠶᠢᠲᠡ 201.26 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠳᠣᠲᠣᠷ᠎ᠠ 81.35 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ ᠬᠢᠮᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ᠂ ᠡᠷᠡᠭᠦᠯᠵᠢᠯ ᠢᠳᠡᠭᠡᠨ᠂ ᠣᠲᠣ ᠦᠶ᠎ᠡ ᠶᠢᠨ ᠲᠠᠷᠢᠶᠠᠯᠠᠩ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠪᠠ᠃ ᠡᠲᠡᠭᠡᠷ ᠴᠢᠬᠤᠯᠠ ᠶᠡᠭᠡ ᠲᠥᠰᠥᠯ ᠢ ᠡᠬᠢᠯᠡᠨ ᠪᠦᠲᠦᠭᠡᠨ ᠪᠠᠶᠢᠭᠤᠯᠬᠤ ᠨᠢ ᠮᠠᠨ ᠤ ᠲᠣᠭᠤᠷᠢᠭ ᠤᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠶᠤᠸᠠᠨ ᠪᠤᠥ ᠱᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠡᠮᠡᠭᠳᠡᠯ ᠤᠨ ᠲᠤᠶᠢᠯ ᠪᠠ ᠰᠢᠨ᠎ᠡ ᠬᠥᠳᠡᠯᠭᠡᠭᠦᠷ ᠢ ᠲᠦᠷᠭᠡᠨ ᠪᠣᠶ ᠪᠣᠯᠭᠠᠬᠤ ᠳᠤ ᠢᠳᠡᠪᠬᠢᠲᠡᠢ ᠪᠥᠭᠡᠳ ᠠᠯᠤᠰ ᠬᠡᠲᠦ ᠶᠢᠨ ᠨᠥᠯᠥᠭᠡ ᠦᠵᠡᠭᠦᠯᠬᠦ ᠎ ᠨᠢ ᠯᠠᠪᠲᠠᠢ ᠶᠤᠮ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1