| | | ᠥᠨᠢᠳᠡ ᠶᠢᠨ ᠶᠡᠭᠡ ᠪᠣᠳᠣᠯᠭ᠎ᠠ ᠶᠢᠨ ᠦᠨᠳᠦᠰᠦ ᠪᠣᠯᠬᠤ ᠨᠢ ᠰᠤᠷᠭᠠᠨ ᠬᠥᠮᠥᠵᠢᠯ᠃ 3 ᠳ᠋ᠤᠭᠠᠷ ᠰᠠᠷ᠎ᠠ ᠶᠢᠨ | 16 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠡᠭᠡ ᠬᠤᠷᠠᠯ ᠶᠤᠸᠠᠨ ᠪᠤᠥ ᠱᠠᠨ ᠤ ᠬᠤᠷᠠᠯ ᠤᠨ ᠲᠥᠪ ᠲᠤ ᠬᠤᠷᠠᠯᠳᠤᠪᠠ᠂ ᠬᠤᠷᠠᠯ ᠠᠴᠠ ᠨᠠᠮ ᠤᠨ | ᠬᠤᠷᠢᠳᠤᠭᠠᠷ ᠶᠡᠭᠡ ᠬᠤᠷᠠᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠰᠢᠨ᠎ᠡ ᠦᠵᠡᠯ ᠰᠠᠨᠠᠭ᠎ᠠ᠂ ᠰᠢᠨ᠎ᠡ | ᠪᠠᠶᠢᠯᠳᠤᠬᠤ ᠪᠣᠳᠣᠯᠭ᠎ᠠ᠂ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ | ᠳᠠᠷᠤᠭ᠎ᠠ ᠵᠠᠩ ᡁᠢ ᠸᠧᠢ ᠬᠤᠷᠠᠯ ᠡᠷᠭᠢᠯᠡᠪᠡ ᠃ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠱᠠᠲᠤᠨ ᠤ | ᠤᠳᠤᠷᠢᠳᠤᠯᠭ᠎ᠠ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠬᠡᠯᠲᠡᠰ ᠵᠥᠪᠯᠡᠯ ᠠᠯᠪᠠᠨ ᠭᠡᠷ | ᠲᠣᠪᠴᠢᠶ᠎ᠠ ᠂ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ ᠂ ᠡᠯ᠎ᠡ ᠪᠠᠯᠭᠠᠰᠤ ᠰᠢᠶᠠᠩ ᠵᠡᠭᠡᠯᠢ | ᠭᠤᠳᠤᠮᠵᠢ ᠶᠢᠨ ᠨᠠᠮ ᠤᠨ ︵ᠠᠵᠢᠯᠴᠢᠨ︶ ᠬᠤᠷᠢᠶᠠᠨ ᠤ ᠱᠦᠵᠢ ᠂ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶᠠᠨ ᠤ ᠪᠠᠭ ᠤᠨ ᠪᠦᠷᠢᠯᠳᠦᠭᠦᠨ ᠵᠢᠴᠢ ᠡᠯ᠎ᠡ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠤᠷᠭᠠᠭᠤᠯᠢ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠪᠣᠯᠣᠨ ᠬᠥᠬᠢᠭᠦᠯᠦᠯ ᠭᠥᠷᠳᠡᠭᠰᠡᠨ | ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠬᠤᠷᠠᠯ ᠳᠤ ᠣᠷᠣᠯᠴᠠᠪᠠ᠃ | | | | ᠼᠤᠤ ᡁᠢ ᠶᠦᠩ᠂ ᠰᠤᠷᠭᠠᠨ ᠬᠥᠮᠦᠵᠢᠯ ᠤᠨ ᠦᠢᠯᠡᠰ ᠨᠢ ᠲᠦᠭ ᠲᠦᠮᠡᠨ ᠠᠶᠢᠯ ᠡᠷᠦᠬᠡ ᠶᠢᠨ ᠬᠦᠰᠡᠯ | ᠡᠷᠡᠮᠡᠯᠵᠡᠯᠡᠯ ᠢ ᠠᠴᠢᠶᠠᠯᠠᠵᠤ᠂ ᠨᠡᠩ ᠴᠤ ᠠᠷᠠᠳ ᠢᠷᠭᠡᠳ ᠤᠨ ᠠᠮᠢᠳᠤᠷᠠᠯ ᠪᠠ ᠵᠣᠯ ᠵᠢᠷᠭᠠᠯ ᠳᠤ ᠬᠤᠯᠪᠣᠭᠳᠠᠵᠤ᠂ | ᠤᠯᠠᠨ ᠵᠢᠯ ᠤᠨ ᠲᠤᠷᠰᠢ ᠂ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠠᠷᠭ᠎ᠠ | ᠪᠦᠬᠦᠨ ᠢ ᠰᠥᠪᠡᠭᠴᠢᠯᠡᠨ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠥᠷᠭᠡᠨ ᠤᠯᠠᠨ ᠪᠠᠭᠰᠢ ᠠᠵᠢᠯᠲᠠᠨ ᠬᠥᠴᠥ | ᠬᠥᠯᠥᠰᠥ ᠪᠠᠨ ᠤᠷᠤᠰᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠤᠪᠢ ᠨᠡᠮᠡᠷᠢ ᠥᠵᠡᠭᠦᠯᠥᠨ | ᠬᠠᠷᠠᠮ ᠦᠭᠡᠢ ᠲᠤᠰᠠᠯᠠᠵᠤ ᠂ ᠰᠤᠷᠭᠠᠨ ᠬᠥᠮᠦᠵᠢᠯ ᠤᠨ ᠡᠮᠦᠨ᠎ᠡ ᠹᠷᠣᠨᠲ ᠤᠨ ᠲᠥᠯᠥᠭᠡ ᠰᠢᠷᠭᠠᠭᠤ ᠬᠠᠲᠠᠭᠤᠵᠢᠯᠲᠠᠢ | ᠵᠢᠳᠬᠦᠭᠰᠡᠨ ᠪᠦᠯᠦᠭ ᠪᠦᠯᠦᠭ ᠬᠠᠮᠲᠤ ᠨᠡᠶᠢᠳᠡ ᠪᠠ ᠬᠤᠪᠢ ᠬᠥᠮᠥᠨ ᠲᠠᠰᠤᠷᠠᠯᠳᠠ ᠦᠭᠡᠢ ᠴᠣᠯᠭᠤᠷᠠᠨ ᠭᠠᠷᠴᠤ ᠂ | ᠰᠤᠷᠭᠠᠨ ᠬᠥᠮᠦᠵᠢᠯ ᠤᠨ ᠵᠠᠷᠤᠯᠭ᠎ᠠ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠪᠠᠶᠢᠵᠤ ᠂ ᠰᠤᠷᠭᠠᠭᠤᠯᠢ ᠡᠷᠬᠢᠯᠡᠬᠦ | ᠨᠥᠬᠦᠴᠡᠯ ᠦᠷᠭᠦᠯᠵᠢᠯᠡᠨ ᠰᠠᠶᠢᠵᠢᠷᠠᠵᠤ ᠂ ᠪᠠᠭᠰᠢ ᠶᠢᠨ ᠡᠩᠨᠡᠭᠡ ᠲᠠᠰᠤᠷᠠᠯᠳᠠ ᠦᠭᠡᠢ ᠰᠢᠯᠢᠳᠡᠭᠵᠢᠵᠦ ᠂ ᠪᠠᠭᠰᠢ ᠶᠢᠨ | ᠣᠯᠭᠤᠮᠵᠢ ᠢᠯᠡᠳᠲᠡ ᠳᠡᠭᠡᠭᠰᠢᠯᠡᠵᠡᠢ ᠃ ᠶᠤᠸᠠᠨ ᠪᠦᠦ ᠱᠠᠨ ᠲᠣᠭᠤᠷᠢᠭ ᠢᠮᠠᠭᠲᠠ ᠰᠡᠳᠬᠢᠯ ᠰᠠᠨᠠᠭ᠎ᠠ ᠪᠠᠨ | ᠨᠢᠭᠡᠳᠬᠡᠨ ᠠᠵᠢᠯ ᠦᠢᠯᠡᠰ ᠢᠶᠠᠨ ᠬᠠᠮᠲᠤᠳᠬᠠᠵᠤ ᠂ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ ᠂ ᠦᠨᠡᠨ ᠪᠣᠳᠠᠲᠠᠢ ᠴᠢᠷᠮᠠᠶᠢᠯᠭ᠎ᠠ ᠪᠠᠷ ᠢᠶᠠᠨ | ᠶᠤᠸᠠᠨ ᠪᠤᠥ ᠱᠠᠨ ᠤ ᠰᠤᠷᠭᠠᠨ ᠬᠥᠮᠦᠵᠢᠯ ᠤᠨ ᠨᠡᠷ᠎ᠡ ᠶᠢᠨ ᠬᠠᠭᠤᠳᠠᠰᠤ ᠶᠢ ᠤᠯᠠᠮ ᠠᠴᠠ ᠤᠯᠠᠮ ᠢᠯᠡ ᠲᠣᠳᠣ | ᠪᠣᠯᠭᠠᠵᠠᠢ ᠭᠡᠵᠦ ᠵᠢᠭᠠᠵᠤ ᠭᠠᠷᠭᠠᠪᠠ᠃ | ᠼᠤᠤ ᡁᠢ ᠶᠦᠩ ᠂ ᠣᠳᠣᠬᠠᠨ ᠳᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠪᠥᠬᠦ | ᠲᠣᠭᠤᠷᠢᠭ ᠢᠶᠠᠷ ᠢᠶᠠᠨ ᠦᠷᠭᠦᠯᠵᠢᠯᠡᠨ ᠰᠤᠷᠭᠠᠨ ᠬᠥᠮᠦᠵᠢᠯ ᠤᠨ ︽ᠠᠯᠲᠠᠨ ᠦᠰᠦᠭᠲᠦ ᠫᠠᠶᠢᠰᠠ︾ ᠶᠢ | ᠬᠡᠷᠡᠯᠳᠦᠬᠦᠯᠬᠦ ᠦᠨᠳᠦᠰᠦᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠬᠦᠴᠦᠨ ᠢᠶᠠᠨ ᠨᠢᠭᠡᠳᠬᠡᠨ | ᠬᠠᠮᠲᠤ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ ᠪᠠᠶᠢᠭᠠᠳ ᠰᠤᠷᠭᠠᠨ | ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶᠢᠵᠢᠭᠰᠠᠨ ᠬᠢᠷᠢ ᠲᠦᠪᠰᠢᠨ ᠢ ᠵᠢᠷᠤᠮᠵᠢᠭᠤᠯᠵᠤ᠂ ᠡᠩ ᠤᠨ | ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠢᠯᠢᠳᠡᠭᠵᠢᠭᠦᠯᠵᠦ᠂ ᠣᠨᠴᠠᠭᠠᠶ | ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠠᠳ ᠠᠴᠠ | ᠡᠷᠭᠢᠯᠡᠭᠰᠡᠨ ᠰᠤᠷᠭᠠᠨ ᠬᠥᠮᠦᠵᠢᠯ ᠢ ᠵᠣᠷᠢᠭᠵᠢᠭᠤᠯᠤᠨ ᠳᠡᠮᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠰᠲ᠋ᠧᠮ ᠢ | ᠪᠠᠶᠢᠭᠤᠯᠤᠨ᠂ ᠰᠤᠷᠭᠠᠨ ᠬᠥᠮᠦᠵᠢᠯ ᠤᠨ ᠪᠥᠬᠦ ᠲᠠᠯ᠎ᠠ ᠪᠠᠷ ᠲᠡᠩᠴᠡᠭᠦᠷᠢᠲᠡᠢ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ | ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠬᠢᠨ ︽ ᠲᠤᠰᠢᠶᠠᠯ ᠳᠤ ᠳᠠᠪᠰᠢᠵᠤ ᠪᠣᠯᠬᠤ ᠮᠥᠷᠲᠡᠭᠡᠨ ᠪᠠᠭᠤᠵᠤ ᠴᠤ ᠪᠣᠯᠬᠤ ᠂ | ᠣᠯᠭᠤᠮᠵᠢ ᠥᠨᠳᠥᠷ ᠮᠥᠷᠲᠡᠭᠡᠨ ᠳᠣᠣᠷ᠎ᠠ ᠪᠠᠶᠢᠵᠤ ᠪᠣᠯᠬᠤ ᠂ ᠠᠵᠢᠯᠲᠠᠨ ᠣᠷᠣᠵᠤ ᠪᠣᠯᠬᠤ ᠮᠥᠷᠲᠡᠭᠡᠨ ᠭᠠᠷᠴᠤ ᠴᠤ | ᠪᠣᠯᠬᠤ ︾ ᠬᠥᠮᠥᠨ ᠬᠡᠷᠡᠭᠯᠡᠬᠦ ᠪᠠᠶᠢᠷᠢᠰᠢᠯ ᠢ ᠥᠨᠡᠨ ᠬᠦ ᠪᠦᠷᠢᠯᠳᠦᠭᠦᠯᠵᠦ ᠂ ᠡᠯ᠎ᠡ ᠰᠤᠷᠭᠠᠭᠤᠯᠢ ᠶᠢᠨ ᠵᠠᠬᠢᠷᠤᠯ | ᠰᠤᠷᠭᠠᠭᠤᠯᠢ ᠪᠠᠨ ᠵᠠᠰᠠᠬᠤ ᠳᠠᠭᠠᠨ ᠠᠷᠭ᠎ᠠ ᠲᠠᠢ ᠂ ᠰᠤᠷᠭᠠᠨ ᠬᠥᠮᠥᠵᠢᠭᠦᠯᠬᠦ ᠰᠡᠳᠬᠢᠯᠭᠡ ᠲᠠᠢ ᠪᠥᠭᠡᠳ ᠥᠪᠡᠷ ᠢᠶᠠᠨ | ᠲᠦᠷᠦᠭᠦᠯᠡᠨ ᠦᠯᠢᠭᠡᠷ ᠳᠠᠭᠤᠷᠢᠶᠠᠯ ᠪᠣᠯᠵᠤ ᠂ ᠥᠷᠭᠡᠨ ᠤᠯᠠᠨ ᠪᠠᠭᠰᠢ ᠨᠠᠷ ᠤᠷᠠᠨ ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ | ᠡᠩᠨᠡᠭᠡ ᠶᠢ ᠪᠠᠶᠢᠭᠤᠯᠬᠤ ᠬᠡᠷᠡᠭᠲᠡᠢ ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ | ᠠᠬᠢᠭᠤᠯᠵᠤ ᠂ ᠬᠥᠮᠥᠨ ᠬᠥᠮᠥᠵᠢᠭᠦᠯᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠶᠣᠰᠣ ᠰᠤᠷᠲᠠᠬᠤᠨ ᠤ | ᠬᠥᠮᠦᠵᠢᠯ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ ᠂ | ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠶᠢ ᠪᠠᠷᠢᠮᠲᠠᠯᠠᠵᠤ ᠂ ᠢᠯᠡ ᠲᠣᠳᠣ ᠂ ᠴᠢᠨᠠᠷ ᠰᠠᠶᠢᠲᠠᠢ ᠡᠷᠬᠡ | ᠲᠡᠭᠰᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠥ | ᠴᠢᠬᠤᠯᠠᠴᠢᠯᠠᠪᠠ᠃ | ᠼᠤᠤ ᡁᠢ ᠶᠦᠩ ᠂ ᠡᠯ᠎ᠡ ᠰᠤᠷᠭᠠᠭᠤᠯᠢ ᠶᠢᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ ᠂ | ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠴᠢᠩᠭᠠᠳᠬᠠᠵᠤ ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠣᠯᠣᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠰᠠᠶᠢᠲᠤᠷ ᠠᠳᠬᠤᠵᠤ ᠂ ᠰᠠᠶᠢᠨ ᠰᠠᠶᠢᠬᠠᠨ ᠰᠤᠷᠭᠠᠭᠤᠯᠢ ᠶᠢᠨ ᠰᠤᠷᠲᠠᠯ ᠵᠢᠭᠠᠨ ᠰᠤᠷᠭᠠᠬᠤ | ᠰᠤᠷᠲᠠᠯ ᠰᠤᠷᠤᠯᠴᠠᠬᠤ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠃ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠲᠥᠰᠥᠯ ᠤᠨ ᠪᠡᠯᠡ | ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠰᠤᠷᠭᠠᠨ ᠬᠥᠮᠦᠵᠢᠯ ᠤᠨ ᠲᠥᠰᠥᠯ ᠤᠨ ᠪᠦᠲᠦᠭᠡᠨ | ᠪᠠᠶᠢᠭᠤᠯᠤᠯᠲᠠ ᠪᠠ ᠵᠠᠷᠤᠳᠠᠯ ᠤᠨ ᠣᠷᠣᠭᠤᠯᠤᠯᠲᠠ ᠶᠢ ᠪᠠᠲᠤᠯᠠᠬᠤ ᠬᠡᠷᠡᠭᠲᠡᠢ︔ ᠣᠷᠣᠨ ᠲᠤᠭ᠎ᠠ ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠥᠴᠢᠷ ᠤᠨ ᠬᠢᠨ ᠪᠠᠭᠰᠢ ᠶᠢ | ᠨᠥᠬᠦᠪᠦᠷᠢᠯᠡᠨ ᠲᠣᠬᠢᠷᠠᠭᠤᠯᠬᠤ ᠠᠵᠢᠯ ᠢ ᠰᠠᠶᠢᠲᠤᠷ ᠬᠢᠵᠦ ᠂ ᠪᠠᠭᠰᠢ ᠶᠢᠨ ᠡᠩᠨᠡᠭᠡᠨ ᠤ ᠰᠤᠷᠭᠠᠨ ᠬᠥᠮᠦᠵᠢᠯ ᠂ | ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ᠂ ᠡᠷᠡᠭᠦᠯ ᠬᠠᠮᠠᠭᠠᠯᠠᠯ᠂ ᠬᠤᠲᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠢᠶᠠᠷ ᠰᠤᠷᠭᠠᠭᠤᠯᠢ | ᠡᠷᠭᠢᠯᠡᠬᠦ ᠰᠠᠭᠤᠷᠢ ᠶᠢ ᠰᠠᠶᠢᠲᠤᠷ ᠪᠠᠲᠤᠯᠠᠬᠤ ᠬᠡᠷᠡᠭᠲᠡᠢ ︔ ᠪᠤᠰᠤᠳ ᠰᠠᠯᠠᠭ᠎ᠠ ᠮᠥᠴᠢᠷ ᠤᠨ ᠬᠢᠨ ᠨᠠᠳᠠ ᠲᠠᠢ | ᠬᠤᠯᠪᠣᠭᠳᠠᠬᠤ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠴᠢᠩᠭᠠᠳᠬᠠᠵᠤ ᠂ ᠰᠤᠷᠭᠠᠨ ᠬᠥᠮᠦᠵᠢᠯ ᠤᠨ ᠦᠢᠯᠡᠰ ᠢ | ᠠᠵᠤ ᠠᠬᠤᠢ ᠶᠢ ᠠᠳᠬᠤᠬᠤ ᠂ ᠲᠥᠰᠥᠯ ᠢ ᠠᠳᠬᠤᠬᠤ ᠲᠠᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠵᠤ ᠂ | ᠰᠤᠷᠭᠠᠭᠤᠯᠢ ᠂ ᠵᠠᠰᠠᠭ ᠤᠨ ᠣᠷᠳᠣᠨ ᠂ ᠨᠡᠶᠢᠭᠡᠮ ᠤᠨ ᠡᠯ᠎ᠡ ᠡᠲᠡᠭᠡᠳ ᠤᠨ ᠬᠢᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠂ ᠡᠷᠬᠢᠮ ᠳᠡᠭᠡᠳᠦ ᠡᠭᠦᠷᠭᠡᠲᠦ ᠰᠡᠳᠬᠢᠯᠭᠡ ᠪᠣᠯᠣᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ | ᠶᠤᠸᠠᠨ ᠪᠣᠥ ᠱᠠᠨ ᠤ ᠰᠤᠷᠭᠠᠨ ᠬᠥᠮᠦᠵᠢᠯ ᠤᠨ ᠦᠢᠯᠡᠰ ᠢ ᠣᠯᠡᠮ ᠨᠢᠭᠡᠨ ᠳᠡᠭᠲᠡᠷ ᠲᠤ ᠭᠠᠷᠭᠠᠬᠤ ᠬᠡᠷᠡᠭᠲᠡᠢ ᠭᠡᠵᠦ | ᠱᠠᠭᠠᠷᠳᠠᠪᠠ᠃ | ᠵᠠᠩ ᡁᠢ ᠸᠧᠢ ᠳ᠋ᠦᠩᠨᠡᠯᠲᠡ ᠶᠢᠨ ᠶᠠᠷᠢᠶᠠᠨ ᠳᠠᠭᠠᠨ ᠂ ᠮᠠᠨ ᠤ ᠲᠣᠭᠤᠷᠢᠭ ᠤᠤᠯ ᠠᠴᠠ ᠪᠠᠨ ᠰᠣᠶᠣᠯ ᠢ ᠡᠷᠬᠢᠮᠯᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠢᠷᠠᠭᠤ ᠠᠯᠳᠠᠷᠲᠤ ᠤᠯᠠᠮᠵᠢᠯᠠᠯ ᠲᠠᠢ ᠪᠠᠶᠢᠵᠤ ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢᠮᠠᠭᠲᠠ ᠪᠦᠬᠦ ᠬᠤᠳᠠ ᠶᠢᠨ ︽ ᠨᠢᠭᠡᠳᠦᠭᠡᠷ ᠵᠢᠭᠰᠠᠭᠠᠯ ︾ ᠳᠤ ᠲᠣᠭᠳᠠᠭᠤᠨ | ᠪᠠᠶᠢᠷᠢᠯᠠᠳᠠᠭ᠃ ᠠᠮᠵᠢᠯᠲᠠ ᠪᠦᠲᠦᠮᠵᠢ ᠣᠯᠬᠤ ᠳᠤ ᠥᠷᠭᠡᠨ ᠤᠯᠠᠨ ᠪᠠᠭᠰᠢ ᠠᠵᠢᠯᠲᠠᠨ ᠠᠵᠢᠯᠴᠢᠨ ᠤ ᠰᠤᠷᠭᠠᠨ | ᠬᠥᠮᠦᠵᠢᠯ ᠤᠨ ᠦᠢᠯᠡᠰ ᠲᠠᠬᠢ ᠶᠡᠭᠡ ᠬᠠᠶᠢᠷ᠎ᠠ ᠪᠠ ᠡᠭᠦᠷᠭᠡᠯᠡᠯ ᠰᠢᠩᠭᠡᠵᠦ ᠪᠠᠶᠢᠳᠠᠭ ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠬᠢᠨ ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠪᠠᠰᠠ ᠵᠥᠷᠢᠶ᠎ᠡ ᠪᠠᠨ | ᠣᠨᠣᠪᠴᠢᠲᠠᠢ ᠡᠷᠢᠵᠦ ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ ᠂ | ᠰᠤᠷᠭᠠᠨ ᠬᠥᠮᠦᠵᠢᠯ ᠳᠤ ᠬᠠᠷᠢᠭᠤᠴᠠᠬᠤ ᠂ ᠠᠷᠠᠳ ᠲᠦᠮᠡᠨ ᠳᠤ ᠬᠠᠷᠢᠭᠤᠴᠠᠬᠤ ᠂ ᠦᠷ᠎ᠡ ᠬᠤᠶᠢᠴᠢᠰ ᠲᠠᠭᠠᠨ | ᠬᠠᠷᠢᠭᠤᠴᠠᠬᠤ ᠥᠨᠳᠥᠷᠴᠡ ᠳᠡᠭᠡᠷ᠎ᠡ ᠵᠣᠭᠰᠣᠵᠤ ᠂ ᠥᠨᠳᠥᠷ ᠪᠠᠶᠢᠷᠢ ᠠᠴᠠ ᠠᠬᠢᠭᠤᠯᠵᠤ ᠂ ᠣᠳᠣᠬᠠᠨ ᠳᠤ | ᠲᠤᠯᠭᠠᠷᠠᠵᠤ ᠪᠠᠶᠢᠭ᠎ᠠ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠰᠠᠭᠤᠳᠠᠯ ᠢ ᠰᠢᠢᠳᠪᠦᠷᠢᠯᠡᠵᠦ ᠂ ᠨᠡᠩ ᠤᠯᠠᠨ | ᠬᠥᠭᠵᠢᠯᠲᠡ ᠶᠢᠨ ᠡᠬᠢ ᠪᠠᠶᠠᠯᠢᠭ ᠪᠣᠯᠣᠨ ᠪᠠᠲᠤᠯᠠᠪᠤᠷᠢ ᠶᠢᠨ ᠡᠯᠧᠮᠧᠨ᠋ᠲ ᠢ ᠲᠥᠪᠯᠡᠷᠡᠭᠦᠯᠵᠦ ᠂ ᠰᠤᠷᠭᠠᠨ ᠬᠥᠮᠦᠵᠢᠯ ᠤᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠦ ᠵᠢᠭᠠᠵᠤ | ᠭᠠᠷᠭᠠᠪᠠ ᠃ | | | | ᠵᠠᠩ ᡁᠢ ᠸᠧᠢ᠂ ᠪᠠᠭᠰᠢ ᠶᠢᠨ ᠡᠩᠨᠡᠭᠡ ᠶᠢ ᠢᠮᠠᠭᠲᠠ ᠬᠠᠯᠠᠮᠵᠢᠯᠠᠨ ᠬᠠᠶᠢᠷᠠᠯᠠᠵᠤ᠂ ᠰᠤᠷᠭᠠᠨ ᠬᠥᠮᠦᠵᠢᠯ ᠤᠨ | ᠵᠠᠷᠤᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠦᠭᠡᠢ | ᠨᠡᠶᠢᠭᠡᠮ ᠤᠨ ᠬᠡᠷᠡᠭ ᠶᠠᠪᠤᠳᠠᠯ ᠢ ᠬᠥᠩᠭᠡᠷᠡᠭᠦᠯᠵᠦ᠂ ᠪᠠᠭᠰᠢ ᠠᠵᠢᠯᠲᠠᠨ ᠢ ᠰᠠᠨᠠᠭ᠎ᠠ ᠠᠮᠤᠷ ᠵᠢᠭᠠᠨ ᠰᠤᠷᠭᠠᠯᠲᠠ ᠶᠢᠨ | ᠠᠵᠢᠯ ᠢᠶᠠᠨ ᠥᠷᠨᠢᠭᠦᠯᠬᠦ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠵᠦ ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠤᠨ ᠳᠤᠲᠠᠭᠳᠠᠯ ᠢ | ᠨᠥᠬᠦᠪᠦᠷᠢᠯᠡᠵᠦ ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠲᠦᠮᠵᠢᠲᠡᠢ ᠬᠠᠮᠲᠤᠪᠠᠷ ᠡᠳ᠋ᠯᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ | ᠠᠬᠢᠭᠤᠯᠬᠤ ᠬᠡᠷᠡᠭᠲᠡᠢ ᠃ ︽ ᠭᠡᠷ ᠤᠨ ᠠᠬᠠᠮᠠᠳ ᠪᠣᠯᠣᠨ ᠰᠤᠷᠭᠠᠭᠤᠯᠢ ︾ ᠬᠠᠮᠲᠤᠪᠠᠷ ᠰᠣᠶᠣᠯ ᠰᠤᠷᠭᠠᠨ ᠬᠥᠮᠦᠵᠢᠯ ᠢ | ᠡᠷᠬᠢᠮᠯᠡᠵᠦ ᠂ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ | ᠶᠤᠸᠠᠨ ᠪᠤᠥ ᠱᠠᠨ ᠤ ᠡᠬᠡ ᠭᠠᠵᠠᠷ ᠲᠤ ᠳᠡᠯᠭᠡᠷᠡᠭᠦᠯᠵᠦ ᠂ ᠪᠠᠭᠰᠢ ᠨᠠᠷ ᠢ ᠪᠦᠬᠦ ᠨᠡᠶᠢᠭᠡᠮ ᠤᠨ ᠬᠠᠮᠤᠭ ᠠᠴᠠ | ᠬᠦᠨᠳᠦᠳᠬᠡᠭᠳᠡᠬᠦ ᠠᠵᠢᠯ ᠮᠡᠷᠭᠡᠵᠢᠯ ᠪᠣᠯᠭᠠᠬᠤ ᠬᠡᠷᠡᠭᠲᠡᠢ ᠃ ᠰᠤᠷᠤᠭᠴᠢᠳ ᠤᠨ ᠦᠵᠡᠯ ᠰᠠᠨᠠᠭ᠎ᠠ ᠶᠣᠰᠣ | ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠴᠢ ᠬᠠᠷᠢᠭᠤᠯᠠᠬᠤ ᠬᠥᠮᠦᠵᠢᠯ ᠢ ᠶᠣᠰᠣ ᠰᠤᠷᠲᠠᠬᠤᠨ ᠤ | ᠬᠥᠮᠦᠵᠢᠯ ᠤᠨ ᠠᠵᠢᠯ ᠳᠤ ᠢᠮᠠᠭᠲᠠ ᠲᠤᠭᠤᠰᠢᠯᠠᠭᠤᠯᠵᠤ ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠨᠢᠨ ᠳᠡᠭᠡᠷ᠎ᠡ | ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠨᠡᠩ | ᠥᠨᠳᠥᠷ ᠲᠦᠪᠰᠢᠨ ᠳᠤ ᠬᠦᠷᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠩ ᡁᠢ ᠸᠧᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ | ᠂ ᠡᠩᠨᠡᠭᠡᠨ ᠤ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠬᠢᠵᠦ᠂ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠵᠥᠪ ᠴᠢᠭᠯᠡᠯᠲᠦ | ᠤᠷᠮᠠᠰᠢᠭᠤᠯᠬᠤ ᠦᠢᠯᠡᠳᠦᠯ ᠢ ᠬᠦᠴᠦᠲᠡᠢ ᠪᠠᠳᠠᠷᠠᠭᠤᠯᠬᠤ ᠬᠡᠷᠡᠭᠲᠡᠢ︔ᠡᠯ᠎ᠡ ᠰᠤᠷᠭᠠᠭᠤᠯᠢ ᠶᠢᠨ ᠬᠢᠨ ᠤᠶᠤᠨ ᠤ | ᠬᠥᠮᠦᠵᠢᠯ ᠪᠣᠯᠣᠨ ᠶᠣᠰᠣ ᠰᠤᠷᠲᠠᠬᠤᠨ ᠤ ᠬᠥᠮᠦᠵᠢᠯ ᠢ ᠵᠡᠷᠭᠡᠪᠡᠷ ᠡᠷᠬᠢᠮᠯᠡᠬᠦ ᠶᠢ ᠪᠠᠷᠢᠮᠲᠠᠯᠠᠵᠤ ᠂ ᠵᠢᠭᠠᠨ | ᠰᠤᠷᠭᠠᠯᠲᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ ᠂ ᠰᠤᠷᠭᠠᠭᠤᠯᠢ ᠡᠷᠬᠢᠯᠡᠵᠤ ᠰᠤᠷᠭᠠᠭᠤᠯᠢ ᠶᠢ | ᠵᠠᠰᠠᠬᠤ ᠲᠦᠪᠰᠢᠨ ᠢ ᠳᠡᠭᠡᠭᠰᠢᠯᠡᠭᠦᠯᠵᠦ ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ | ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ︔ ᠥᠷᠭᠡᠨ ᠤᠯᠠᠨ ᠰᠤᠷᠭᠠᠨ ᠬᠥᠮᠦᠵᠢᠯ ᠤᠨ | ᠠᠵᠢᠯᠲᠠᠳ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠲᠠᠷᠬᠠᠨ ᠡᠭᠦᠷᠭᠡ ᠬᠠᠷᠢᠭᠤᠴᠠᠯᠭ᠎ᠠ ᠶᠢ | ᠥᠨᠡᠨ ᠬᠦ ᠡᠭᠦᠷᠭᠡᠯᠡᠵᠦ ᠂ ᠪᠠᠭᠰᠢ ᠶᠢᠨ ᠶᠣᠰᠣ ᠰᠤᠷᠲᠠᠬᠤᠨ ᠤ ᠨᠢᠭᠡᠳᠦᠭᠡᠷ ᠪᠠᠷᠢᠮᠵᠢᠶ᠎ᠠ ᠶᠢ ᠲᠤᠪᠤᠶᠢᠯᠭᠠᠵᠤ ᠂ ᠶᠣᠰᠣ | ᠰᠤᠷᠲᠠᠬᠤᠨ ᠢᠶᠠᠷ ᠪᠡᠶ᠎ᠡ ᠪᠠᠨ ᠪᠠᠶᠢᠭᠤᠯᠬᠤ ᠂ ᠶᠣᠰᠣ ᠰᠤᠷᠲᠠᠬᠤᠨ ᠢᠶᠠᠷ ᠰᠤᠷᠤᠯᠴᠠᠯᠭ᠎ᠠ ᠶᠢ ᠲᠣᠭᠲᠠᠭᠠᠬᠤ ᠂ ᠶᠣᠰᠣ | ᠰᠤᠷᠲᠠᠬᠤᠨ ᠢᠶᠠᠷ ᠵᠢᠭᠠᠨ ᠰᠤᠷᠭᠠᠬᠤ ᠶᠢ ᠪᠠᠷᠢᠮᠲᠠᠯᠠᠵᠤ ᠂ ᠰᠢᠯᠢᠳᠡᠭ ᠰᠠᠶᠢᠨ ᠰᠤᠷᠲᠠᠯ ᠢᠶᠠᠷ ᠰᠤᠷᠭᠠᠨ ᠬᠥᠮᠦᠵᠢᠯ ᠤᠨ | ᠰᠤᠷᠲᠠᠯ ᠢ ᠲᠠᠶᠢᠴᠢᠯᠠᠵᠤ ᠂ ᠰᠤᠷᠭᠠᠭᠤᠯᠢ ᠶᠢᠨ ᠰᠤᠷᠲᠠᠯ ᠢ ᠲᠥᠪ ᠪᠣᠯᠭᠠᠵᠤ ᠂ ᠠᠵᠢᠯ ᠲᠦᠷᠦᠯ ᠤᠨ ᠰᠤᠷᠲᠠᠯ ᠢ | ᠠᠬᠢᠭᠤᠯᠬᠤ ᠬᠡᠷᠡᠭᠲᠡᠢ ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠮᠡᠷᠭᠡᠵᠢᠯ ᠤᠨ | ᠴᠣᠯᠠ ᠲᠣᠭᠲᠠᠭᠠᠬᠤ ᠪᠠ ᠤᠷᠢᠬᠤ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠪᠠ | ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠢ | ᠰᠠᠶᠢᠲᠤᠷ ᠠᠳᠬᠤᠬᠤ ᠬᠡᠷᠡᠭᠲᠡᠢ︔ ᠪᠥᠬᠦ ᠲᠣᠭᠤᠷᠢᠭ ᠢᠶᠠᠷ ᠢᠶᠠᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ | ᠬᠠᠷᠢᠭᠤᠴᠠᠯᠭ᠎ᠠ ᠪᠠᠨ ᠴᠢᠩᠭᠠᠳᠬᠠᠨ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠨᠢᠭᠲᠠᠷᠠᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠦᠨᠡᠨ ᠬᠦ ᠠᠳᠬᠤᠵᠤ | ᠪᠣᠳᠠᠲᠠᠢ ᠪᠠᠷ ᠠᠵᠢᠯᠯᠠᠬᠤ ᠪᠣᠳᠠᠲᠠᠢ ᠠᠵᠢᠯᠯᠠᠭ᠎ᠠ ᠪᠠ ᠠᠷᠭ᠎ᠠ ᠬᠡᠮᠵᠢᠶ᠎ᠡ ᠶᠢ ᠪᠣᠶ ᠪᠣᠯᠭᠠᠵᠤ᠂ ᠮᠠᠨ ᠤ ᠲᠣᠭᠤᠷᠢᠭ ᠤᠨ | ᠰᠤᠷᠭᠠᠨ ᠬᠥᠮᠦᠵᠢᠯ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠳᠡᠭᠡᠷ᠎ᠡ ᠂ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠠᠴᠠ 24 | ᠰᠤᠷᠭᠠᠨ ᠬᠥᠮᠦᠵᠢᠯ ᠤᠨ ᠠᠵᠢᠯ ᠤᠨ ᠲᠡᠷᠢᠭᠦᠨ ᠤ ᠬᠠᠮᠲᠤ ᠪᠣᠯᠣᠨ 152 ᠲᠡᠷᠢᠭᠦᠨ ᠤ ᠬᠤᠪᠢ ᠬᠥᠮᠥᠨ ᠢ | ᠬᠥᠬᠢᠭᠦᠯᠦᠨ ᠰᠠᠶᠢᠰᠢᠶᠠᠵᠤ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠵᠥᠪᠯᠡᠯ ᠤᠨ ᠱᠦᠵᠢ ᠹᠦ᠋ ᠰᠢᠸ ᠾᠥᠢ ︽ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ | ᠲᠡᠷᠢᠭᠦᠨ ᠤ ᠬᠠᠮᠲᠤ ᠂ ᠲᠡᠷᠢᠭᠦᠨ ᠤ ᠬᠤᠪᠢ ᠬᠥᠮᠥᠨ ᠵᠢᠴᠢ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ | ᠴᠢᠬᠤᠯᠠᠴᠢᠯᠠᠭᠰᠠᠨ ᠲᠡᠷᠢᠭᠦᠨ ᠤ ᠬᠠᠮᠲᠤ ᠂ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ | ᠲᠣᠭᠲᠠᠭᠠᠯ ︾ ᠢ ᠤᠩᠰᠢᠨ ᠨᠡᠶᠢᠲᠡᠯᠡᠪᠡ ︔ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ | ᠳᠠᠷᠤᠭ᠎ᠠ ᠶᠢᠨ ᠮᠢᠩ ︽ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠪ ︾ ᠲᠤ ᠲᠠᠶᠢᠯᠤᠮᠵᠢ ᠬᠢᠪᠡ︔ ᠰᠢᠯᠢᠳᠡᠭ | ᠰᠤᠷᠭᠠᠭᠤᠯᠢ ᠶᠢᠨ ᠵᠠᠬᠢᠷᠤᠯ ᠂ ᠵᠢᠱᠢᠶᠡᠴᠢ ᠠᠩᠭᠢ ᠶᠢᠨ ᠡᠷᠬᠢᠯᠡᠭᠴᠢ ᠂ ᠰᠢᠯᠢᠳᠡᠭ ᠪᠠᠭᠰᠢ ᠪᠣᠯᠣᠨ ᠪᠠᠭᠰᠢ ᠶᠢ | ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ ᠲᠡᠷᠢᠭᠦᠨ ᠤ ᠬᠤᠪᠢ ᠬᠥᠮᠥᠨ ᠤ ᠲᠥᠯᠥᠭᠡᠯᠡᠭᠴᠢ | ᠣᠪᠣᠷ ᠢᠶᠠᠨ ᠢᠯᠡᠳᠬᠡᠬᠦ ᠦᠭᠡ ᠬᠡᠯᠡᠪᠡ ᠃ | |