ᠶᠤᠸᠠᠨ ᠪᠦᠦ ᠱᠠᠨ ᠲᠣᠭᠤᠷᠢᠭ 2023 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/24
   
1_副本.jpg
      3 ᠳ᠋ᠤᠭᠠᠷ ᠰᠠᠷ᠎ᠠ ᠶᠢᠨ 20᠎ ᠤ ᠡᠳᠦᠷ᠂ ᠮᠠᠨ ᠤ ᠲᠣᠭᠤᠷᠢᠭ 2023 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠪᠦᠦ ᠶᠦᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠨᠠᠮ ᠤᠨ ᠠᠵᠢᠯ ᠤᠨ ᠠᠵᠢᠯᠲᠠᠨ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠭ ᠤᠨ ᠪᠦᠷᠢᠯᠳᠦᠭᠦᠨ᠂ ᠪᠠᠶᠢᠭᠤᠯᠭ᠎ᠠ ᠶᠢᠨ ᠪᠥᠬᠦ ᠠᠵᠢᠯᠲᠠᠳ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ︽ ᠲᠥᠪ ᠢ ᠰᠠᠬᠢᠨ ᠰᠢᠨ᠎ᠡ ᠶᠢ ᠡᠭᠦᠳᠥᠨ ᠡᠷᠡᠮᠡᠬᠡᠶᠢᠯᠡᠨ ᠴᠢᠷᠮᠠᠶᠢᠵᠤ ᠪᠦᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠶ᠎ᠠ ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠦ ᠂ 2022 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠳ᠋ᠦᠩᠨᠡᠨ ᠡᠷᠭᠢᠴᠡᠭᠦᠯᠵᠦ ᠂ 2023 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ ︔ 2022 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ ᠂ ︽ ᠲᠠᠪᠤᠨ ᠤᠳᠤᠨ ᠳᠡᠰ ᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ︾᠎ ᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠫᠠᠶᠢᠰᠠ ᠣᠯᠭᠤᠪᠠ ︔ ᠬᠡᠰᠡᠭ ᠨᠢᠭᠡᠴᠢ ᠶᠢᠨ ᠬᠢᠨ ᠨᠡᠶᠢᠲᠡᠯᠢᠭ ᠵᠢᠱᠢᠶ᠎ᠡ ᠪᠠᠷ ᠪᠤᠳᠤᠯ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ ᠃ ᠬᠤᠷᠠᠯ ᠠᠴᠠ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠢ ᠨᠦᠭᠦᠳ ᠡᠮ ᠡᠮᠨᠡᠯᠭᠡ ᠶᠢᠨ ᠥᠭᠡᠷᠡᠴᠢᠯᠡᠯᠲᠡ ᠶᠢᠨ ᠰᠢᠨ᠎ᠡ  ᠶᠢ ᠡᠭᠦᠳᠬᠦ  ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠲᠤ ᠶᠢᠨ ᠴᠣᠭᠴᠠ︾᠎ ᠶᠢ ᠪᠠᠶᠢᠭᠤᠯᠬᠤ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠭᠤᠮᠢ ᠶᠢ ᠰᠢᠪᠲᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠶᠤᠸᠠᠨ ᠪᠤᠥ ᠱᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠪᠣᠶ ᠪᠣᠯᠭᠠᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ ᠪᠠᠶᠢᠬᠤ ᠲᠦᠭᠵᠢᠷᠡᠯ ᠪᠠ ᠲᠥᠪᠡᠭᠳᠡᠯ ᠢ ᠠᠷᠢᠯᠭᠠᠵᠤ᠂ ᠪᠥᠬᠦ ᠲᠣᠭᠤᠷᠢᠭ ᠲᠤ ᠨᠠᠩ ᠲᠤᠰᠬᠠᠢ ᠮᠡᠷᠭᠡᠵᠢᠯ ᠤᠨ᠂ ᠴᠢᠨᠠᠷ ᠰᠠᠶᠢᠲᠠᠢ ᠪᠥᠭᠡᠳ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ ︔ ᠴᠢᠨᠠᠷ ᠰᠠᠶᠢᠲᠠᠢ ᠪᠠ ᠥᠨᠳᠥᠷ ᠪᠦᠲᠦᠮᠵᠢᠲᠡᠶ ᠪᠠᠶᠢᠬᠤ ᠶᠢ ᠪᠠᠷᠢᠮᠵᠢᠶᠠᠯᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠮᠴᠢᠯᠡᠭᠡᠨ ᠤ ᠡᠬᠢ ᠪᠠᠶᠠᠯᠢᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠬᠥᠮᠥᠰ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠳᠠᠬᠢᠨ‌ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠴᠢᠩᠭ᠎ᠠ  ᠠᠳᠬᠤᠨ᠂ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠵᠤ ᠂ ᠬᠢᠲᠠᠳ ᠡᠮ ᠡᠮᠨᠡᠯᠭᠡ ᠪᠣᠯᠣᠨ ᠡᠸᠦ᠋ᠷᠦᠫᠡ ᠡᠮ ᠤᠨ ᠬᠠᠷᠢᠯᠴᠠᠨ ᠨᠥᠬᠦᠪᠥᠷᠢᠯᠡᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ︔ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ ᠂ ᠤᠯᠤᠰ ᠲᠦᠷᠦ ᠶᠢ ᠡᠷᠬᠢᠮᠯᠡᠬᠦ ᠂ ᠣᠪᠣᠷ ᠰᠤᠷᠲᠠᠯ ᠰᠠᠶᠢᠨ ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠡᠮᠴᠢᠯᠡᠭᠡᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ ᠂ ᠤᠯᠤᠰ ᠲᠦᠷᠦ ᠶᠢᠨ ᠬᠡᠪ ᠰᠤᠷᠲᠠᠯ ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠪᠠᠷ ᠳᠠᠮᠵᠢᠭᠤᠯᠵᠤ ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠥᠨ᠂ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1