ᠶᠤᠸᠠᠨ ᠪᠦᠦ ᠱᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠰᠥᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/24
   1_副本.jpg
       3 ᠳ᠋ᠤᠭᠠᠷ ᠰᠠᠷ᠎ᠠ ᠶᠢᠨ 22᠎ ᠤᠨ ᠡᠳᠦᠷ᠂ ᠮᠠᠨ ᠤ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠰᠥᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠰᠥᠯ ᠢ ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ︔ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠯᠢ ᠽᠥᠩ ᠮᠧᠩ᠂ ᠫᠧᠩ ᠰᠢᠶᠣᠣ ᠵᠢᠤᠸᠠᠨ ᠬᠤᠷᠠᠯ ᠳᠤ ᠣᠷᠣᠯᠴᠠᠵᠠᠢ ᠃ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ᠰᠢᠶᠠᠩ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃    ᠼᠤᠤ ᡁᠢ ᠶᠦᠩ ᠂ ᠡᠨᠡ ᠵᠢᠯ ᠠᠴᠠ ᠨᠠᠭᠠᠰᠢ᠂ ᠪᠦᠬᠦ ᠲᠣᠭᠤᠷᠢᠭ ᠢᠶᠠᠷ ᠢᠶᠠᠨ ᠲᠥᠰᠥᠯ ᠢ ᠬᠥᠴᠥᠯᠡᠨ ᠠᠳᠬᠤᠵᠤ ᠂ ᠲᠥᠰᠥᠯ ᠢ ᠡᠬᠢᠯᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠥᠰᠥᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠠᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ᠶᠢᠨ ᠲᠣᠭᠤᠷᠢᠨ ᠳᠤ ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠣᠯᠣᠨ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ ᠂ ᠰᠠᠨᠠᠭᠠᠴᠢᠯᠠᠭ᠎ᠠ ᠠᠴᠠ ᠪᠠᠨ ᠲᠦᠷᠦ ᠶᠢᠨ ᠪᠣᠳᠣᠯᠭ᠎ᠠ ᠶᠢ ᠳᠠᠭᠠᠵᠤ ᠂ ᠲᠥᠰᠥᠯ ᠢ ᠲᠥᠯᠥᠪᠵᠢᠭᠦᠯᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ ᠂ ᠨᠡᠩ ᠤᠯᠠᠨ ᠴᠢᠨᠠᠷ ᠰᠠᠶᠢᠲᠠᠢ ᠂ ᠥᠷᠭᠦᠯᠵᠢᠯᠡᠬᠦᠶᠢᠴᠡ ᠬᠥᠭᠵᠢᠯᠲᠡ ᠶᠢᠨ ᠲᠣᠮᠣ ᠲᠥᠰᠥᠯ ᠂ ᠰᠠᠶᠢᠨ ᠲᠥᠰᠥᠯ ᠢ ᠬᠡᠷᠡᠭᠵᠢᠭᠦᠯᠬᠦ ᠬᠡᠷᠡᠭᠲᠡᠢ ᠃ ᠦᠷ᠎ᠡ ᠠᠰᠢᠭ ᠢ ᠨᠡᠮᠡᠭᠳᠡᠭᠦᠯᠦᠨ ᠦᠢᠯᠡᠴᠢᠯᠡᠭᠡ ᠶᠢ ᠴᠢᠩᠭᠠᠳᠬᠠᠬᠤ ᠶᠢ ᠲᠦᠷᠭᠡᠳᠬᠡᠵᠦ ᠂ ᠠᠷᠭ᠎ᠠ ᠰᠦᠪᠡᠭᠴᠢᠯᠡᠬᠦ ᠂ ᠲᠥᠰᠥᠯ ᠲᠣᠭᠲᠠᠭᠠᠬᠤ ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠴᠢᠩᠭ᠎ᠠ ᠠᠳᠬᠤᠵᠤ ᠂ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠦᠢᠯᠡᠴᠢᠯᠡᠭᠡ ᠬᠠᠮᠢᠶᠠᠷᠤᠯᠲᠠ ᠶᠢ ᠡᠬᠢᠯᠡᠭᠦᠯᠵᠦ ᠂ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ ᠂ ᠲᠥᠰᠥᠯ ᠤᠨ ᠲᠤᠬᠠᠢ ᠶᠢᠨ ᠵᠢᠯ ᠳᠤ ᠪᠠᠶᠢᠭᠤᠯᠤᠭᠳᠠᠵᠤ ᠂ ᠲᠤᠬᠠᠢ ᠶᠢᠨ ᠵᠢᠯ ᠳᠤ ᠠᠰᠢᠭ ᠬᠦᠷᠳᠡᠬᠦ ᠶᠢ ᠪᠠᠲᠤᠯᠠᠬᠤ ᠬᠡᠷᠡᠭᠲᠡᠢ ᠃ ᠵᠣᠬᠢᠶᠠᠨ ᠪᠠᠶᠢᠭᠤᠯᠵᠤ ᠤᠳᠤᠷᠢᠳᠬᠤ᠂ ᠲᠣᠬᠢᠷᠠᠭᠤᠯᠵᠤ ᠬᠢᠨᠠᠨ ᠵᠢᠯᠤᠭᠤᠳᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠤᠨ᠂ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠵᠠᠩ ᡁᠢ ᠸᠧᠢ ᠂ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠲᠣᠭᠤᠷᠢᠨ ᠳᠤ ᠭᠤᠣᠯᠳᠠᠯᠭ᠎ᠠ ᠲᠠᠢ ᠲᠥᠰᠥᠯ ᠢ ᠡᠮᠬᠢᠯᠡᠵᠦ ᠪᠣᠳᠠᠲᠠᠶᠢᠵᠢᠭᠤᠯᠵᠤ ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠥᠰᠥᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠬᠤ ᠬᠡᠷᠡᠭᠲᠡᠢ ᠃ ᠬᠥᠳᠡᠭᠡ ᠠᠵᠤ ᠠᠬᠤᠢ ᠎ ᠶᠢ ᠲᠤᠰᠠᠯᠠᠵᠤ ᠣᠷᠣᠯᠭ᠎ᠠ ᠶᠢ ᠨᠡᠮᠡᠭᠳᠡᠭᠦᠯᠬᠦ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠰᠣᠷᠣᠨ ᠨᠠᠭᠠᠯᠳᠤᠭᠤᠯᠬᠤ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠲᠡᠢ ᠃ ᠤᠳᠤ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ ᠂ ᠵᠠᠬ᠎ᠠ ᠳᠡᠯᠭᠡᠭᠦᠷ ᠤᠨ ᠰᠠᠷᠠᠭᠤᠯ ᠢᠷᠡᠭᠡᠳᠦᠢ ᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠡᠯᠬᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠪᠦᠲᠦᠭᠡᠭᠳᠡᠬᠦᠨ ᠤ ᠨᠡᠮᠡᠯᠲᠡ ᠦᠷᠳᠡᠭ ᠪᠠ ᠥᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠲᠥᠰᠥᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ᠂ ᠵᠣᠯᠭᠠᠯᠳᠤᠭᠤᠯᠬᠤ ᠪᠡᠯᠡ ᠮᠥᠩᠭᠦ ᠪᠠᠷ ᠨᠠᠩ ᠣᠯᠠᠨ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠳᠠᠶᠢᠴᠢᠯᠠᠬᠤ ᠪᠠᠷ ᠴᠢᠷᠮᠠᠶᠢᠵᠤ ᠂ ᠪᠡᠯᠡ ᠮᠥᠩᠭᠦ ᠶᠢ ᠬᠡᠷᠡᠭᠯᠡᠬᠦ ᠠᠵᠢᠯ ᠳᠤ ᠣᠷᠣᠭᠤᠯᠬᠤ ᠠᠵᠢᠯ ᠢ ᠵᠡᠷᠭᠡ ᠪᠠᠷ ᠰᠠᠶᠢᠲᠤᠷ ᠬᠢᠵᠦ᠂ ᠲᠥᠰᠥᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠥ ᠱᠠᠭᠠᠷᠳᠠᠵᠠᠢ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1