ᠵᠠᠩ ᠯᠢ ᠲᠤᠤ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠵᠢᠶᠠᠩᠰᠤ ᠮᠤᠵᠢ ᠶᠢᠨ ᠵᠠᠩ ᠵᠢᠶᠠ ᠭᠠᠩ ᠬᠤᠲᠠ ᠳᠤ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2023/3/24
    3 ᠰᠠᠷ᠎ᠠ ᠶᠢᠨ 21᠎ ᠤ ᠡᠳᠦᠷ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠤ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠪᠣᠯᠣᠨ ᠮᠠᠨ ᠤ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠪᠠᠷ ᠪᠦᠷᠢᠯᠳᠦᠭᠰᠡᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠵᠢᠶᠠᠩᠰᠤ ᠮᠤᠵᠢ ᠶᠢᠨ ᠵᠠᠩ ᠵᠢᠶᠠ ᠭᠠᠩ ᠬᠤᠳᠠ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ ᠃
1_副本.jpg
       ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠡᠩ ᠲᠡᠷᠢᠭᠦᠨ ᠳᠤ ᠵᠠᠩ ᠵᠢᠶᠠ ᠭᠠᠩ ᠤᠨ ᠬᠤᠳᠠ ᠶᠢᠨ ᠦᠵᠡᠰᠬᠦᠯᠡᠩ ᠤᠨ ᠣᠷᠳᠣᠨ ᠳᠤ ᠬᠦᠷᠴᠦ ᠂ ᠵᠠᠩ ᠵᠢᠶᠠ ᠭᠠᠩ ᠤᠨ ᠬᠤᠳᠠ ᠶᠢᠨ ᠬᠥᠭᠵᠢᠯᠲᠡ ᠶᠢᠨ ᠲᠡᠦᠬᠡ ᠵᠢᠴᠢ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠂ ᠬᠡᠯᠪᠡᠷᠢ ᠪᠠᠨ ᠬᠤᠪᠢᠷᠠᠭᠤᠯᠬᠤ ᠂ ᠰᠢᠨ᠎ᠡ ᠶᠢ ᠡᠭᠦᠳᠬᠦ ᠵᠠᠮ ᠢ ᠨᠠᠷᠢᠨ ᠣᠶᠢᠯᠠᠭᠠᠪᠠ ᠃ ᠳᠠᠷᠠᠭ᠎ᠠ ᠨᠢ ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠢᠶᠠᠩᠰᠤ ᠶᠢᠨ ᠶᠦᠩ ᠭᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠂ ᠵᠢᠶᠠᠩᠰᠤ ᠶᠢᠨ ᠯᠢᠥᠢ ᠫᠥ᠋ ᠡᠬᠢ ᠪᠠᠶᠠᠯᠢᠭ ᠤᠨ ᠠᠰᠢᠭᠯᠠᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠂ ᠬᠤᠸᠠ ᠰᠢᠶᠠ ᠨᠢᠭᠡᠳᠦᠭᠡᠷ ᠪᠣᠯᠣᠳ ᠤᠨ ᠲᠣᠰᠬᠤᠨ ᠤ ᠶᠦᠩ ᠯᠢᠶᠠᠨ ᠲᠣᠰᠬᠤᠨ ᠢᠶᠠᠷ ᠲᠣᠭᠤᠷᠢᠨ ᠦᠵᠡᠵᠦ ᠂ ᠵᠢᠶᠠᠩᠰᠤ ᠶᠢᠨ ᠭᠦᠸᠧ ᠲᠠᠢ ᠰᠢᠨ ᠳ᠋ᠢᠶᠠᠨ ᠵᠥᠭᠡᠯᠡᠨ ᠲᠤᠨᠤᠭ ᠤᠨ ᠬᠢᠵᠠᠭᠠᠷᠲᠤ ᠺᠣᠮᠫᠠᠨᠢ ᠂ ᠵᠢᠶᠠᠩᠰᠤ ᠶᠢᠨ ᠠᠢ ᠺᠠᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠪᠠ ᠃
2_副本.jpg
       ᠲᠤᠰ ᠡᠳᠦᠷ ᠤᠨ ᠦᠳᠡ ᠶᠢᠨ ᠬᠤᠶᠢᠨ᠎ᠠ ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠠᠩ ᠵᠢᠶᠠ ᠭᠠᠩ ᠬᠤᠳᠠ ᠶᠢᠨ ᠠᠵᠤ ᠠᠬᠤᠶᠢᠯᠠᠯᠲᠠᠨ ᠤ ᠺᠯᠦ᠋ᠪ ᠲᠤ ᠬᠦᠷᠴᠦ ᠂ ᠵᠠᠩ ᠵᠢᠶᠠ ᠭᠠᠩ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠧ ᡁᠢ ᠷᠦᠩ ᠲᠠᠢ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠠᠬᠢᠭᠤᠯᠬᠤ ᠂ ᠬᠤᠳᠠᠯᠳᠤᠭᠠᠨ ᠤ ᠡᠪᠯᠡᠯ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠂ ᠡᠩᠨᠡᠭᠡ ᠶᠢᠨ ᠪᠠᠶᠢᠭᠤᠯᠤᠯᠲᠠ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠳᠤ ᠦᠢᠯᠡᠴᠢᠯᠡᠬᠦ ᠵᠡᠷᠭᠡ ᠪᠣᠳᠠᠲᠠᠢ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ ᠃    ᠠᠵᠢᠯ ᠤᠨ ᠰᠣᠯᠢᠯᠴᠠᠭᠠᠨ ᠤ ᠬᠤᠷᠠᠯ ᠳᠡᠭᠡᠷ᠎ᠡ ᠂ ᠵᠢᠶᠧ ᡁᠢ ᠷᠦᠩ ᠵᠠᠩ ᠵᠢᠶᠠ ᠭᠠᠩ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ ᠬᠤᠳᠠᠯᠳᠤᠭᠠᠨ ᠤ ᠶᠡᠷᠦᠩᠬᠡᠢ ᠡᠪᠯᠡᠯ ︶ ᠎ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠂ ᠳᠦᠷᠢᠮ ᠤᠨ ᠪᠠᠶᠢᠭᠤᠯᠤᠯᠲᠠ ᠂ ᠦᠢᠯᠡᠴᠢᠯᠡᠭᠡᠨ ᠤ ᠲᠠᠪᠴᠠᠩ ᠂ ᠰᠢᠨ᠎ᠡ ᠶᠢ ᠡᠭᠦᠳᠬᠦ ᠠᠵᠢᠯ ᠪᠣᠯᠣᠨ ︽ ᠬᠤᠶᠠᠷ ᠡᠷᠡᠭᠦᠯ ᠮᠡᠨᠳᠤ ︾ ᠎ ᠶᠢᠨ ᠥᠢᠯᠡᠴᠢᠯᠡᠭᠡ ᠵᠡᠷᠭᠡ ᠠᠵᠢᠯ ᠤᠨ ᠪᠠᠶᠢᠳᠠᠯ ᠢ ᠨᠠᠷᠢᠨ ᠲᠠᠨᠢᠯᠴᠠᠭᠤᠯᠵᠠᠢ ᠃ ᠵᠠᠩ ᠯᠢ ᠲᠤᠤ ᠂ ᠡᠨᠡ ᠤᠳᠠᠭᠠᠨ ᠤ ᠠᠶᠢᠯᠴᠢᠯᠠᠯᠲᠠ ᠨᠢ ᠨᠢᠭᠡ ᠳᠤ ᠂ ᠵᠠᠩ ᠵᠢᠶᠠ ᠭᠠᠩ ᠬᠤᠳᠠ ᠶᠢᠨ ᠠᠵᠤ ᠠᠬᠤᠶᠢᠯᠠᠯᠲᠠᠨ ᠤ ᠨᠢᠭᠲᠠᠷᠠᠯ ᠤᠨ ᠬᠦᠴᠦᠨ ᠂  ᠲᠥᠪᠯᠡᠷᠡᠩᠭᠦᠢ ᠬᠦᠴᠦᠨ ᠢ ᠴᠢᠩᠭᠠᠳᠬᠠᠬᠤ ᠴᠢᠳᠠᠪᠤᠷᠢ ᠶᠢ ᠰᠤᠷᠤᠯᠴᠠᠵᠤ ᠂ ᠵᠠᠩ ᠵᠢᠶᠠ ᠭᠠᠩ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠦᠬᠦ ᠤᠯᠤᠰ ᠲᠤ ᠲᠦᠷᠦᠭᠦᠯᠡᠬᠦ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠰᠣᠳᠤᠯᠤᠨ᠎ᠠ︔ ᠬᠤᠶᠠᠷ ᠲᠤ ᠂ ᠤᠯᠠᠭᠠᠨᠬᠠᠳᠠ ᠎ ᠢ ᠤᠬᠠᠭᠤᠯᠵᠤ᠂ ᠶᠤᠸᠠᠨ ᠪᠦᠦ ᠱᠠᠨ ᠲᠣᠭᠤᠷᠢᠭ ᠢ ᠲᠠᠨᠢᠯᠴᠠᠭᠤᠯᠤᠨ᠎ᠠ ᠃ ᠵᠠᠩ ᠵᠢᠶᠠ ᠭᠠᠩ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠬᠤᠳᠠᠯᠳᠤᠭᠠᠨ ᠤ ᠡᠪᠯᠡᠯ ᠵᠢᠴᠢ ᠠᠵᠤ ᠠᠬᠤᠶᠢᠯᠠᠯᠲᠠᠳ ᠤᠨ ᠤᠯᠠᠭᠠᠨᠬᠠᠳᠠ ᠳᠤ ᠬᠦᠷᠴᠦ ᠵᠤᠭᠠᠴᠠᠨ ᠲᠣᠭᠤᠷᠢᠬᠤ ᠂ ᠨᠡᠭᠡᠭᠡᠯᠲᠡᠲᠡᠢ ᠪᠠᠭᠲᠠᠭᠠᠮᠵᠢᠲᠠᠢ ᠂ ᠡᠬᠢ ᠪᠠᠶᠠᠯᠢᠭ ᠢᠶᠠᠷ ᠡᠯᠪᠡᠭ ᠶᠤᠸᠠᠨ ᠪᠦᠦ ᠱᠠᠨ ᠲᠣᠭᠤᠷᠢᠭ ᠲᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃
3_副本.jpg
       ᠬᠠᠮᠤᠭ ᠰᠡᠬᠦᠯ ᠳᠤ ᠂ ᠵᠠᠩ ᠵᠢᠶᠠ ᠭᠠᠩ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠶᠤᠸᠠᠨ ᠪᠦᠦ ᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠥᠬᠦᠷᠰᠡᠭ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠵᠤ ᠂ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ ᠃ ᠬᠤᠶᠠᠷ ᠲᠠᠯ᠎ᠠ ᠪᠠᠷ ᠢᠶᠠᠨ  ᠂ ᠬᠤᠶᠢᠰᠢᠳᠠ ᠰᠤᠷᠤᠯᠴᠠᠯᠭ᠎ᠠ ᠪᠣᠯᠪᠠᠰᠤᠷᠠᠯ ᠂ ᠰᠢᠨᠵᠢᠯᠡᠨ ᠪᠠᠶᠢᠴᠠᠭᠠᠵᠤ ᠲᠣᠭᠤᠷᠢᠨ ᠦᠵᠡᠬᠦ ᠂ ᠰᠣᠯᠢᠯᠴᠠᠭ᠎ᠠ ᠬᠢᠵᠦ ᠬᠠᠷᠢᠯᠴᠠᠨ ᠠᠶᠢᠯᠴᠢᠯᠠᠬᠤ ᠵᠡᠷᠭᠡ ᠬᠡᠯᠪᠡᠷᠢ ᠪᠠᠷ ᠭᠤᠣᠯᠳᠠᠭᠤᠯᠵᠤ ᠂ ᠬᠤᠶᠠᠷ ᠭᠠᠵᠠᠷ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠣᠯᠣᠯᠴᠠᠭ᠎ᠠ ᠬᠠᠮᠲᠤᠷᠠᠯᠴᠠᠭ᠎ᠠ ᠶᠢᠨ ᠬᠥᠭᠦᠷᠭᠡ ᠶᠢ ᠪᠠᠶᠢᠭᠤᠯᠵᠤ ᠂ ᠬᠤᠶᠠᠷ ᠭᠠᠵᠠᠷ ᠤᠨ ᠠᠵᠤ ᠠᠬᠤᠶᠢᠯᠠᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1