ᠫᠢᠩᠵᠤᠸᠠᠩ ᠪᠠᠯᠭᠠᠰᠤᠨ ᠤ ᠶᠢᠨ ᠰᠢᠸ ᠱᠠᠨ ᠠᠮᠢ ᠠᠬᠤᠢ ᠶᠢᠨ ᠲᠠᠷᠢᠮᠠᠯ ᠤᠨ ᠬᠦᠷᠢᠶᠡᠯᠡᠩ ᠤᠨ ᠵᠢᠭᠠᠰᠤ ᠨᠣᠭᠤᠭ᠎ᠠ ᠶᠢ ᠬᠠᠮᠲᠤ ᠠᠮᠢᠵᠢᠷᠠᠭᠤᠯᠬᠤ ᠰᠢᠰᠲ᠋ᠧᠮ ᠤᠨ ᠲᠥᠰᠥᠯ ᠪᠥᠬᠦ ᠲᠠᠯ᠎ᠠ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/3/27
    ᠣᠶᠢᠷ᠎ᠠ ᠳᠤ᠂ ᠫᠢᠩᠵᠤᠸᠠᠩ ᠪᠠᠯᠭᠠᠰᠤᠨ ᠤ ᠶᠢᠨ ᠰᠢᠸ ᠱᠠᠨ ᠠᠮᠢ ᠠᠬᠤᠢ ᠶᠢᠨ ᠲᠠᠷᠢᠮᠠᠯ ᠤᠨ ᠬᠦᠷᠢᠶᠡᠯᠡᠩ ᠤᠨ ᠵᠢᠭᠠᠰᠤ ᠨᠣᠭᠤᠭ᠎ᠠ ᠬᠠᠮᠲᠤ ᠠᠮᠢᠵᠢᠷᠠᠬᠤ ᠰᠢᠰᠲ᠋ᠧᠮ ᠤᠨ ᠲᠥᠰᠥᠯ ᠪᠥᠬᠦ ᠲᠠᠯ᠎ᠠ ᠪᠠᠷ ᠠᠰᠢᠭᠯᠠᠯᠲᠠ ᠳᠤ ᠣᠷᠤᠪᠠ᠃ ᠲᠤᠰ ᠲᠥᠰᠥᠯ ᠨᠢ ᠫᠢᠩᠵᠤᠸᠠᠩ ᠪᠠᠯᠭᠠᠰᠤᠨ ᠤ ᠴᠢᠶᠠᠨ ᠶᠢᠨ ᠲᠣᠰᠬᠤᠨ ᠳᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 366 ᠲᠦᠮᠡᠨ ᠲᠥᠭᠦᠷᠢᠭ᠂ 15 ᠮᠦ ᠭᠠᠵᠠᠷ ᠡᠵᠡᠯᠡᠵᠦ᠂ 9 ᠰᠠᠭᠤᠷᠢ ᠵᠢᠭᠠᠰᠤ ᠨᠣᠭᠤᠭ᠎ᠠ ᠬᠠᠮᠲᠤ ᠠᠮᠢᠵᠢᠷᠠᠬᠤ ᠨᠡᠷᠡᠨ ᠤ ᠬᠡᠷᠡᠯ ᠤᠨ ᠬᠦᠯᠡᠮᠵᠢ ᠪᠠ 7000 ᠭᠠᠷᠤᠢ ᠤᠷᠲᠤᠳᠬᠠᠭᠰᠠᠨ ᠲᠤᠲᠤᠷᠭ᠎ᠠ ᠶᠢᠨ ᠬᠦᠢᠲᠡᠨ ᠰᠠᠷᠠᠪᠴᠢ ᠶᠢ ᠪᠠᠶᠢᠭᠤᠯᠵᠤ᠂ 10 ᠭᠠᠷᠤᠢ ᠵᠦᠢᠯ ᠤᠨ ᠨᠠᠪᠴᠢᠨ ᠤ ᠲᠥᠷᠥᠯ ᠤᠨ ᠢᠳᠡᠰᠢᠨ ᠨᠣᠭᠤᠭ᠎ᠠ ᠲᠠᠷᠢᠵᠤ᠂ ᠣᠯᠠᠨ ᠵᠦᠢᠯ ᠤᠨ ᠳᠤᠮᠳᠠ ᠳᠡᠭᠡᠳᠦ ᠲᠠᠰ ᠤᠨ ᠤᠰᠤᠨ ᠭᠠᠷᠤᠯᠲᠠ ᠶᠢᠨ ᠵᠢᠭᠠᠰᠤᠨ ᠤ ᠲᠥᠷᠥᠯ ᠢ ᠲᠡᠵᠢᠭᠡᠨ᠎ᠡ᠂ ᠲᠣᠰ ᠲᠥᠰᠥᠯ ᠪᠣᠯ ᠵᠢᠭᠠᠰᠤ ᠨᠣᠭᠤᠭ᠎ᠠ ᠎ ᠶᠢ ᠬᠠᠮᠲᠤ ᠠᠮᠢᠵᠢᠷᠠᠭᠤᠯᠤᠨ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠵᠡᠭᠦᠨ ᠭᠤᠷᠪᠠᠨ ᠮᠤᠵᠢ ᠳᠤ ᠠᠩᠬ᠎ᠠ ᠤᠳᠠᠭ᠎ᠠ ᠬᠡᠷᠡᠭᠯᠡᠵᠦ᠂ ᠤᠯᠠᠮᠵᠢᠯᠠᠯᠲᠤ ᠨᠠᠭᠤᠷ ᠴᠥᠭᠦᠷᠥᠮ ᠳᠤ ᠲᠡᠵᠢᠭᠡᠨ ᠦᠷᠡᠵᠢᠭᠦᠯᠬᠦ ᠲᠠᠢ ᠬᠠᠷᠢᠴᠠᠭᠤᠯᠪᠠᠯ᠂ ᠦᠢᠯᠡᠳᠪᠦᠷᠢᠯᠡᠯ ᠤᠨ ᠶᠠᠪᠤᠴᠠ ᠳᠤ 90%᠎ ᠠᠴᠠ ᠳᠡᠭᠡᠭᠰᠢ ᠤᠰᠤ ᠠᠷᠪᠢᠯᠠᠵᠤ ᠪᠣᠯᠣᠨ᠎ᠠ᠃ ᠣᠳᠣᠬᠠᠨ ᠳᠤ᠂ ᠲᠣᠰ ᠲᠥᠰᠥᠯ ᠨᠢᠭᠡᠨᠲᠡ ᠠᠰᠢᠭᠯᠠᠯᠲᠠ ᠳᠤ ᠣᠷᠤᠵᠤ᠂ ᠵᠢᠯ ᠤᠨ ᠢᠳᠡᠰᠢᠨ ᠨᠣᠭᠤᠭ᠎ᠠ ᠶᠢᠨ ᠭᠠᠷᠤᠯᠲᠠ 1.5 ᠲᠦᠮᠡᠨ ᠺᠢᠯᠣᠭ᠍ᠷᠠᠮ᠂ ᠵᠢᠭᠠᠰᠤᠨ ᠤ ᠲᠥᠷᠥᠯ ᠤᠨ ᠭᠠᠷᠤᠯᠲᠠ 3.6 ᠲᠦᠮᠡᠨ ᠺᠢᠯᠣᠭ᠍ᠷᠠᠮ ᠪᠠᠶᠢᠵᠤ᠂ ᠵᠢᠯ ᠳᠤ 150 ᠭᠠᠷᠤᠢ ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 20 ᠭᠠᠷᠤᠢ ᠬᠥᠮᠥᠨ ᠳᠤ ᠠᠵᠢᠯ ᠣᠯᠭᠤᠵᠤ᠂ ᠡᠷᠦᠬᠡ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠶᠢᠨ ᠨᠡᠮᠡᠭᠳᠡᠯ ᠨᠢ 3 ᠲᠦᠮᠡᠨ ᠲᠥᠭᠦᠷᠢᠭ ᠲᠤ ᠬᠦᠷᠴᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1