ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠ ᠶᠢ ᠠᠳᠬᠤᠬᠤ︾ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/27
    ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠠᠵᠢᠯ ᠤᠨ ᠱᠠᠭᠠᠷᠳᠠᠯᠭ᠎ᠠ ᠳᠤ ᠰᠠᠭᠤᠷᠢᠯᠠᠨ᠂ ᠪᠥᠬᠦ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ︽ᠬᠤᠷᠢᠭ᠎ᠠ ᠱᠤᠭᠤᠮ ᠢ ᠰᠠᠬᠢᠬᠤ᠂ ᠭᠡᠮ ᠰᠤᠭᠤᠭ ᠢ ᠪᠠᠶᠢᠴᠠᠭᠠᠬᠤ᠂ ᠠᠮᠤᠷ ᠲᠦᠪᠰᠢᠨ ᠢ ᠪᠠᠲᠤᠯᠠᠬᠤ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ︽ᠭᠤᠷᠪᠠ ᠶᠢ ᠠᠳᠬᠤᠬᠤ︾ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠲᠣᠭᠤᠷᠢᠭ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃    ᠨᠠᠷᠢᠨ ᠵᠥᠢᠯᠡᠰ ᠢ ᠠᠳᠬᠤᠪᠠ᠃ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠳᠤ ᠲᠤᠰᠬᠠᠢ ᠵᠦᠢᠯ ᠤᠨ ᠪᠠᠶᠢᠴᠠᠭᠠᠯᠲᠠ ᠬᠢᠵᠦ᠂ ᠲᠣᠭᠤᠭᠠᠨ ᠭᠡᠷ ᠎ ᠤᠨ ᠠᠷᠢᠭᠤᠨ ᠴᠡᠪᠡᠷ ᠤᠨ ᠪᠠᠶᠢᠳᠠᠯ ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠴᠤ ᠬᠠᠳᠠᠭᠠᠯᠠᠬᠤ ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠂ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠎ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠢᠳᠡᠭᠡᠨ ᠤ ᠵᠦᠢᠯ ᠢ ᠢᠳᠡᠭᠡᠨ ᠎ ᠤ ᠲᠡᠰ ᠤᠨ ᠰᠠᠪᠠ ᠪᠠᠷ ᠬᠠᠳᠠᠭᠠᠯᠠᠬᠤ ᠂ ᠲᠦᠭᠦᠬᠡᠢ ᠢᠳᠡᠭᠡᠨ ᠪᠣᠯᠤᠨ ᠪᠣᠯᠭᠤᠭᠰᠠᠨ ᠢᠳᠡᠭᠡᠨ ᠎ ᠢ ᠭᠠᠵᠠᠷ ᠬᠤᠪᠢᠶᠠᠨ ᠬᠠᠳᠠᠭᠠᠯᠠᠬᠤ ᠂ ᠬᠢᠳᠤᠭ᠎ᠠ ᠪᠠ ᠰᠢᠷᠡᠭᠡᠨ ᠎ ᠤ ᠬᠠᠪᠲᠠᠰᠤ ᠎ ᠶᠢ ᠢᠳᠡᠭᠡᠨ ᠎ ᠤ ᠲᠥᠷᠥᠯ ᠵᠦᠢᠯ ᠎ ᠢᠶᠠᠷ ᠨᠢ ᠬᠡᠷᠡᠭᠯᠡᠬᠦ ᠂ ᠬᠤᠭᠤᠯᠠᠨ ᠤ ᠰᠠᠪᠠ ᠬᠡᠷᠡᠭᠰᠡᠯ ᠠᠷᠢᠭᠤᠨ ᠴᠡᠪᠡᠷ ᠎ ᠤᠨ ᠬᠤᠷᠭᠤ ᠶᠢ ᠨᠢᠭᠲᠠ ᠪᠢᠲᠡᠭᠦᠮᠵᠢᠯᠡᠬᠦ ᠵᠡᠷᠭᠡ ᠠᠭᠤᠯᠭ᠎ᠠ ᠶᠢ ᠠᠬᠤᠢ ᠲᠠᠯᠠᠪᠤᠷ ᠲᠤᠨᠢ ᠵᠢᠯᠤᠭᠤᠳᠴᠤ ᠂ ᠢᠳᠡᠭᠡᠨ ᠤᠮᠳᠠᠭᠠᠨ ᠤ ᠨᠢᠭᠡᠴᠢ ᠶᠢᠨ ᠢᠳᠡᠭᠡᠨ ᠤ ᠠᠮᠤᠷ ᠲᠥᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ ᠂ ᠴᠢᠩᠭ᠎ᠠ ᠬᠠᠮᠢᠶᠠᠷᠴᠤ ᠂ ᠴᠢᠩᠭ᠎ᠠ ᠡᠵᠡᠮᠳᠡᠪᠡ᠃    ᠬᠠᠮᠢᠶᠠᠷᠤᠯᠲᠠ ᠶᠢ ᠠᠳᠬᠤᠪᠠ᠃ ᠬᠠᠷᠢᠭᠤᠴᠠᠯᠭᠠᠲᠠᠨ ᠢ ᠰᠢᠮᠳᠠᠭᠤᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠰᠦᠪᠡᠨ ᠪᠠᠶᠢᠴᠠᠭᠠᠬᠤ ᠶᠢ ᠴᠢᠩᠭᠠᠷᠠᠭᠤᠯᠤᠨ ᠂ ᠭᠤᠣᠯ ᠴᠣᠭᠴᠠ ᠶᠢᠨ ᠬᠢᠷᠢ ᠴᠢᠳᠠᠮᠵᠢ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠵᠢᠯᠲᠠᠨ ᠤ ᠬᠠᠮᠢᠶᠠᠷᠤᠯᠲᠠ᠂ ᠲᠠᠩᠰᠠ ᠡᠪᠬᠡᠮᠡᠯ ᠤᠨ ᠡᠬᠡ ᠲᠠᠩᠰᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠠᠰᠠᠭᠤᠳᠠᠯ ᠤᠨ ᠨᠠᠷᠢᠨ ᠵᠢᠭᠰᠠᠭᠠᠯᠳᠠ ᠶᠢ ᠪᠠᠶᠢᠭᠤᠯᠬᠤ ᠶᠢᠨ ᠬᠠᠮᠲᠤ ᠨᠢᠭᠡ ᠠᠴᠠ ᠵᠥᠢᠴᠢᠯᠡᠨ ᠨᠥᠬᠦᠭᠡ ᠶᠢ ᠮᠡᠳᠡᠵᠦ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠪᠣᠯᠪᠠᠰᠤᠨ‌ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠪᠣᠳᠠᠲᠠᠢ ᠬᠢᠵᠦ᠂ ᠨᠠᠷᠢᠯᠢᠭ ᠬᠢᠵᠦ᠂ ᠰᠠᠶᠢᠲᠤᠷ ᠬᠢᠬᠦ ᠶᠢ ᠱᠠᠭᠠᠷᠳᠠᠨ  ᠢᠳᠬᠠᠪᠠ᠃    ᠭᠦᠢᠴᠡᠳᠬᠡᠬᠦ ᠶᠢ ᠠᠳᠬᠤᠪᠠ ᠃ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠭᠤᠴᠢᠯᠠᠭᠤᠷ ᠢ ᠤᠷᠢᠨ ᠲᠠᠰᠢᠷᠠᠮ ᠎ ᠤᠨ ᠪᠠᠶᠢᠴᠠᠭᠠᠯᠲᠠ ᠬᠢᠯᠭᠡᠵᠦ ᠂ ᠬᠠᠤᠯᠢ ᠬᠡᠷᠡᠭᠵᠢᠭᠦᠯᠬᠦ ᠡᠷᠴᠢᠮ ᠢᠶᠠᠨ  ᠴᠢᠩᠭᠠᠷᠠᠭᠤᠯᠤᠨ᠂ ︽ ᠲᠦᠷᠪᠡᠨ ᠬᠠᠮᠤᠭ ᠴᠢᠩᠭ᠎ᠠ ︾ ᠎ ᠶᠢ ᠪᠠᠷᠢᠮᠲᠠᠯᠠᠵᠤ ᠂ ᠢᠳᠡᠭᠡᠨ ᠤ ᠠᠮᠤᠷ ᠲᠦᠪᠰᠢᠨ ᠢ ᠪᠠᠲᠤᠯᠠᠨ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠪᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1