ᠶᠤᠸᠠᠨ ᠪᠦᠦ ᠱᠠᠨ ᠪᠠᠯᠭᠠᠰᠤᠨ ᠤ ︽ᠲᠣᠭᠠᠴᠢᠯᠠᠭᠰᠠᠨ ᠬᠥᠳᠡᠭᠡ ᠲᠣᠰᠬᠤᠨ︾ ᠲᠠᠪᠴᠠᠩ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2023/3/27
    ᠶᠤᠸᠠᠨ ᠪᠦᠦ ᠱᠠᠨ ᠪᠠᠯᠭᠠᠰᠤᠨ ᠤ ︽ ᠲᠣᠭᠠᠴᠢᠯᠠᠭᠰᠠᠨ ᠬᠥᠳᠡᠭᠡ ᠲᠣᠰᠬᠤᠨ ︾ ᠎ ᠤ ᠲᠠᠪᠴᠠᠩ ᠨᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠵᠡᠢ ᠃ ︽ᠲᠣᠭᠠᠴᠢᠯᠠᠭᠰᠠᠨ ᠬᠥᠳᠡᠭᠡ ᠲᠣᠰᠬᠤᠨ ︾᠎ ᠤ ᠤᠶᠤᠨᠴᠢ ᠨᠠᠮ ᠤᠨ ᠪᠠᠶᠢᠭᠤᠯᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ ᠂ ︽ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠂ ᠬᠥᠳᠡᠭᠡ ᠲᠣᠰᠬᠤᠨ ᠤ ᠪᠣᠯᠪᠠᠰᠤᠨ ᠂ ᠬᠥᠳᠡᠭᠡ ᠲᠣᠰᠬᠤᠨ ᠤ ᠵᠠᠰᠠᠯᠲᠠ ᠂ ᠵᠠᠰᠠᠭ ᠤᠨ ᠶᠠᠪᠤᠳᠠᠯ ᠢ ᠢᠯᠡ ᠪᠣᠯᠭᠠᠬᠤ ︾ ᠵᠡᠷᠭᠡ 6 ᠶᠡᠭᠡ ᠴᠢᠳᠠᠮᠵᠢ ᠶᠢᠨ ᠬᠡᠰᠡᠭ ᠢ ᠲᠣᠬᠢᠷᠠᠭᠤᠯᠵᠤ ᠂ ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢ ᠠᠰᠢᠭᠯᠠᠨ ᠲᠣᠰᠬᠤᠨ ᠤ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠎ ᠳᠤᠨᠢ ᠡᠵᠡᠮᠰᠢᠵᠦ ᠂ ᠤᠯᠠᠨ ᠲᠦᠮᠡᠨ ᠤ ︽ ᠪᠠᠴᠢᠮ ᠂ ᠬᠦᠴᠢᠷ ᠂ ᠲᠥᠪᠡᠭ᠂ ᠬᠥᠰᠡᠵᠤ ᠪᠠᠶᠢᠭ᠎ᠠ ︾ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ ᠂ ᠤᠯᠠᠨ ᠲᠦᠮᠡᠨ ᠳᠤ ᠦᠢᠯᠡᠴᠢᠯᠡᠬᠦ ᠡᠴᠥᠰ ᠤᠨ ᠱᠤᠭᠤᠮ ᠢ ᠨᠡᠪᠲᠡᠷᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠲᠣᠰ ᠪᠠᠯᠭᠠᠰᠤᠨ ᠳᠤ ᠨᠢᠭᠡᠨᠲᠡ ︽ᠲᠣᠭᠠᠴᠢᠯᠠᠭᠰᠠᠨ ᠬᠥᠳᠡᠭᠡ ᠲᠣᠰᠬᠤᠨ︾᠎ ᠤ ᠵᠢᠱᠢᠶ᠎ᠡ ᠦᠵᠡᠭᠦᠯᠬᠦ ᠲᠣᠰᠬᠤᠨ ᠢ 2 ᠪᠠᠶᠢᠭᠤᠯᠵᠤ᠂ AI ᠲᠠᠯᠠᠪᠤᠷ ᠢ 2 ᠢᠵᠢ᠂ ᠲᠢᠶᠠᠨ ᠢ  ᠭᠡᠷ ᠤᠨ ᠬᠢᠨᠠᠨ ᠡᠵᠡᠮᠳᠡᠬᠦ ᠲᠥᠬᠦᠭᠡᠷᠦᠮᠵᠢ ᠶᠢ 8 ᠲᠣᠬᠢᠷᠠᠭᠤᠯᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1