ᠤᠯᠠᠭᠠᠨᠬᠠᠳᠠ ᠶᠢᠨ ᠵᠢᠶᠠ ᠹᠧᠩ ᠤᠨ 3000 ᠰᠠᠭᠠᠯᠢ ᠶᠢᠨ ᠥᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠤ ᠲᠥᠰᠥᠯ ᠢ ᠲᠣᠭᠲᠠᠪᠠ
ᠨᠡᠶᠢᠲᠡᠯᠡᠭᠰᠡᠨ ᠴᠠᠭ᠄
2023/3/28
    ᠤᠯᠠᠭᠠᠨᠬᠠᠳᠠ ᠶᠢᠨ ᠵᠢᠶᠠ ᠹᠧᠩ ᠤᠨ 3000 ᠰᠠᠭᠠᠯᠢ ᠶᠢᠨ ᠥᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠤ ᠲᠥᠰᠥᠯ ᠢ ᠲᠣᠭᠲᠠᠪᠠ ᠃ ᠲᠣᠰ ᠲᠥᠰᠥᠯ ᠨᠢ ᠶᠤᠸᠠᠨ ᠪᠦᠦ ᠱᠠᠨ ᠲᠣᠭᠤᠷᠢᠭ ᠤᠨ ᠦ᠋ ᠵᠢᠶᠠ ᠪᠠᠯᠭᠠᠰᠤᠨ ᠤ ᠶᠢᠨ ᠴᠢᠶᠣᠤ ᠲᠣᠰᠬᠤᠨ ᠳᠤ ᠪᠠᠶᠢᠷᠢᠯᠠᠵᠤ᠂ ᠨᠡᠶᠢᠲᠡ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 904.5 ᠮᠦ ᠭᠠᠵᠠᠷ ᠡᠵᠡᠯᠡᠨ᠂ ᠭᠤᠣᠯᠳᠠᠭᠤ 1 ᠶᠡᠷᠦᠩᠬᠡᠶᠢᠯᠡᠭᠰᠡᠨ ᠠᠯᠪᠠᠯᠠᠬᠤ ᠭᠡᠷ ᠪᠠᠶᠢᠰᠢᠩ ᠪᠠ 14 ᠦᠬᠡᠷ ᠤᠨ ᠬᠠᠰᠢᠶᠠᠨ ᠤ ᠲᠡᠵᠢᠭᠡᠪᠦᠷᠢ ᠶᠢᠨ ᠲᠣᠭᠤᠷᠢᠭ ᠢ ᠪᠠᠶᠢᠭᠤᠯᠵᠤ᠂ 3000 ᠰᠠᠭᠠᠯᠢ ᠶᠢᠨ ᠦᠨᠢᠶ᠎ᠡ ᠲᠡᠵᠢᠭᠡᠬᠦ ᠪᠠᠷ ᠲᠥᠯᠥᠪᠯᠡᠵᠦ ᠪᠣᠶ᠃ ᠵᠢᠱᠢᠯᠲᠡ ᠪᠠᠷ 4 ᠰᠠᠷ᠎ᠠ ᠶᠢᠨ ᠡᠬᠢ ᠪᠠᠷ ᠪᠠᠷᠢᠯᠭ᠎ᠠ ᠡᠬᠢᠯᠡᠨ ᠪᠦᠲᠥᠭᠡᠨ ᠪᠠᠶᠢᠭᠤᠯᠵᠤ᠂ ᠲᠥᠰᠥᠯ ᠨᠢ ᠦᠢᠯᠡᠳᠪᠦᠷᠢᠯᠡᠯ ᠳᠤ ᠣᠷᠣᠭᠰᠠᠨ ᠤ ᠳᠠᠷᠠᠭ᠎ᠠ᠂ ᠵᠢᠯ ᠳᠤ 1 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ᠂ 1500 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 100 ᠭᠠᠷᠤᠢ ᠮᠠᠯᠴᠢᠨ ᠲᠠᠷᠢᠶᠠᠴᠢᠨ ᠳᠤ ᠲᠣᠭᠲᠠᠮᠠᠯ ᠠᠵᠢᠯ ᠣᠯᠭᠤᠵᠤ᠂ 5000 ᠭᠠᠷᠤᠢ ᠲᠦᠷ ᠴᠠᠭ ᠤᠨ ᠬᠥᠳᠡᠯᠮᠦᠷᠢ ᠶᠢᠨ ᠬᠦᠴᠦᠨ ᠢ ᠪᠠᠶᠢᠩᠭᠤᠵᠢᠭᠤᠯᠤᠨ ᠬᠥᠯᠥᠰᠦᠯᠡᠵᠦ᠂ ᠲᠥᠰᠥᠯ ᠤᠨ ᠣᠷᠣᠨ ᠤ ᠮᠠᠯᠴᠢᠨ ᠲᠠᠷᠢᠶᠠᠴᠢᠨ ᠳᠤ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ 360 ᠭᠠᠷᠤᠢ ᠲᠦᠮᠡᠨ ᠲᠥᠭᠦᠷᠢᠭ ᠨᠡᠮᠡᠭᠳᠡᠭᠦᠯᠬᠦ ᠪᠣᠯᠤᠨ᠎ᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1