ᠶᠤᠸᠠᠨ ᠪᠦᠦ ᠱᠠᠨ ᠲᠣᠭᠤᠷᠢᠭ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠤ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠪᠠ
ᠨᠡᠶᠢᠲᠡᠯᠡᠭᠰᠡᠨ ᠴᠠᠭ᠄
2023/3/28
    3 ᠰᠠᠷ᠎ᠠ ᠶᠢᠨ 9᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠎ ᠲᠠᠢ ᠬᠠᠮᠲᠤᠷᠠᠨ ᠡᠯ᠎ᠡ ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠴᠡᠭ ᠲᠤ ᠬᠦᠷᠴᠦ ᠲᠠᠷᠢᠶᠠᠯᠠᠩ ᠤᠨ ᠬᠡᠷᠡᠭᠰᠡᠯ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠬᠢᠭᠰᠡᠨ ᠪᠥᠭᠡᠳ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠯᠲᠡᠰ ᠤᠨ ᠪᠠᠶᠢᠴᠠᠭᠠᠭᠴᠢ ᠶᠢ ᠤᠷᠢᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠲᠤᠬᠠᠢ ᠶᠢᠨ ᠲᠠᠯᠠᠪᠤᠷ ᠤᠨ ᠬᠢᠨᠠᠯᠲᠠ ᠲᠠᠯᠪᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠪᠠ᠃
1_副本.jpg
       ᠲᠣᠰ ᠤᠳᠠᠭᠠᠨ ᠤ ᠪᠠᠶᠢᠴᠠᠭᠠᠯᠲᠠ ᠳᠤ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠬᠡᠷᠡᠭᠰᠡᠯ ᠤᠨ ᠲᠠᠸᠠᠷ ᠤᠨ ᠪᠣᠷᠣᠯᠠᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠶᠢᠨ ᠭᠤᠣᠯ ᠴᠣᠭᠴᠠ ᠶᠢᠨ ᠬᠢᠷᠢ ᠬᠡᠮ ᠤᠨ ᠬᠠᠤᠯᠢ ᠶᠣᠰᠣᠨ ᠤ ᠪᠥᠭᠡᠳ ᠬᠦᠴᠦᠨ ᠲᠠᠢ ᠪᠠᠶᠢᠬᠤ ᠡᠰᠡᠬᠦ᠂ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠠᠷᠭ᠎ᠠ ᠵᠠᠮ ᠤᠨ ᠵᠢᠩᠬᠢᠨᠢ ᠪᠠᠶᠢᠬᠤ ᠡᠰᠡᠬᠦ᠂ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ᠂ ᠪᠣᠭᠤᠳᠠᠯ ᠤᠨ ᠲᠣᠳᠣᠷᠬᠠᠶᠢᠯᠠᠯᠲᠠ ᠨᠢ ᠵᠢᠷᠤᠮᠵᠢᠯ ᠲᠠᠢ ᠪᠥᠭᠡᠳ ᠦᠨᠡᠨ ᠪᠣᠳᠠᠲᠠᠢ ᠪᠠᠶᠢᠬᠤ ᠡᠰᠡᠬᠦ ᠶᠢ ᠪᠠᠶᠢᠴᠠᠭᠠᠵᠤ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠲᠠᠩᠰᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠦᠭᠰᠡᠨ ᠡᠰᠡᠬᠦ ᠶᠢ ᠪᠠᠶᠢᠴᠠᠭᠠᠨ ᠥᠵᠡᠪᠡ︔ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠡᠵᠡᠩᠨᠡᠯᠲᠡ ᠶᠢᠨ ᠡᠷᠦᠬᠡ ᠶᠢᠨ ᠵᠢᠷᠤᠮᠵᠢᠯ ᠦᠭᠡᠢ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠲᠤᠬᠠᠢ ᠶᠢᠨ ᠲᠠᠯᠠᠪᠤᠷ ᠲᠤᠨᠢ ᠵᠢᠭᠠᠨ ᠵᠢᠯᠤᠭᠤᠳᠪᠠ︔ ᠬᠠᠭᠤᠷᠮᠠᠭ ᠶᠠᠭᠤᠮ᠎ᠠ ᠬᠤᠯᠢᠭᠰᠠᠨ ᠂ ᠮᠠᠭᠤ ᠪᠠᠷ ᠰᠠᠶᠢᠨ ᠢ ᠣᠷᠣᠯᠠᠭᠤᠯᠤᠭᠰᠠᠨ ᠂ ᠡᠰᠡᠬᠦᠯ᠎ᠡ ᠬᠢᠷᠢ ᠲᠡᠩᠴᠡᠬᠦ ᠦᠭᠡᠢ ᠦᠢᠯᠡᠳᠬᠦᠨ ᠢᠶᠠᠷ ᠬᠢᠷᠢ ᠲᠡᠩᠴᠡᠭᠰᠡᠨ ᠦᠢᠯᠡᠳᠬᠦᠨ ᠢ ᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠥᠷᠢᠯᠡᠪᠡ᠃
2_副本.jpg
       ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠳᠠᠮᠵᠢᠭᠤᠯᠤᠨ ᠂ ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ ᠂ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠥᠨ᠂ ᠲᠠᠷᠢᠶᠠᠴᠢᠳ ᠢ ᠰᠠᠨᠠᠭ᠎ᠠ ᠠᠮᠤᠷ ᠬᠢᠷᠢ ᠲᠡᠩᠴᠡᠭᠰᠡᠨ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠤᠭᠤᠯᠬᠤ ᠪᠠ ᠬᠡᠷᠡᠭᠯᠡᠭᠦᠯᠵᠦ ᠂ ᠲᠠᠷᠢᠶᠠᠯᠠᠩ ᠤᠨ ᠦᠢᠯᠡᠳᠪᠦᠷᠢᠯᠡᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠪᠠᠲᠤᠯᠠᠪᠠ ᠃     ᠰᠤᠷᠪᠤᠯᠵᠢᠯᠠᠭᠴᠢ ᠠᠳᠡ᠂ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠢ ᠰᠣᠩᠭᠤᠵᠤ ᠬᠤᠳᠠᠯᠳᠤᠨ ᠠᠪᠬᠤ ᠳᠠᠭᠠᠨ ᠠᠯᠢ ᠴᠢᠳᠠᠬᠤ ᠪᠠᠷ ᠲᠣᠭᠲᠠᠮᠠᠯ ᠡᠵᠡᠩᠨᠡᠯᠲᠡ ᠶᠢᠨ ᠭᠠᠵᠠᠷ ᠲᠠᠢ ᠵᠢᠩᠬᠢᠨᠢ ᠬᠤᠳᠠᠯᠳᠤᠭᠠᠴᠢᠨ ᠠᠴᠠ ᠬᠤᠳᠠᠯᠳᠤᠨ ᠠᠪᠴᠤ᠂ ᠬᠤᠳᠠᠯᠳᠤᠭᠠᠴᠢᠨ ᠤ ᠭᠡᠷᠡᠴᠢ ᠦᠨᠡᠮᠯᠡᠯ ᠨᠢ ᠪᠦᠷᠢᠨ ᠪᠠᠶᠢᠬᠤ ᠡᠰᠡᠬᠦ ᠶᠢ ᠠᠩᠬᠠᠷᠤᠨ ᠪᠠᠶᠢᠴᠠᠭᠠᠵᠤ᠂ ᠪᠣᠭᠤᠳᠠᠯ ᠪᠠᠭᠯᠠᠭ᠎ᠠ ᠳᠡᠭᠡᠷᠡᠬᠢ ᠪᠦᠲᠦᠭᠡᠭᠳᠡᠬᠦᠨ ᠤ ᠲᠡᠮᠳᠡᠭ ᠢ ᠨᠠᠷᠢᠯᠢᠭ ᠲᠣᠳᠣᠷᠬᠠᠢ ᠦᠵᠡᠬᠦ ᠬᠡᠷᠡᠭᠲᠡᠢ᠂ ᠭᠡᠷᠡᠴᠢ ᠦᠨᠡᠮᠯᠡᠯ ᠦᠭᠡᠢ᠂ ᠭᠡᠷᠡᠴᠢ ᠦᠨᠡᠮᠯᠡᠯ ᠨᠢ ᠪᠦᠷᠢᠨ ᠪᠤᠰᠤ ᠬᠤᠳᠠᠯᠳᠤᠭᠠᠴᠢᠨ ᠪᠤᠶᠤ ᠨᠡᠭᠦᠳᠡᠯ ᠬᠤᠳᠠᠯᠳᠤᠭᠠᠴᠢᠨ ᠠᠴᠠ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ ᠥᠭᠡᠢ ᠪᠠᠶᠢᠬᠤ ᠶᠢ ᠰᠠᠨᠠᠭᠤᠯᠵᠤ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1