ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/3/28
    ᠶᠤᠸᠠᠨ ᠪᠦᠦ ᠱᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠪᠤᠷᠢ ᠶᠢᠨ ᠲᠣᠪᠴᠢᠶ᠎ᠠ ᠡᠵᠡᠩᠨᠡᠯᠲᠡ ᠶᠢᠨ ᠣᠷᠴᠢᠨ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠥᠴᠥᠯᠡᠵᠦ ᠪᠠᠶᠢᠨ᠎ᠠ᠃ ᠨᠢᠭᠡ ᠳᠤ ᠂ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠬᠦᠴᠦᠯᠡᠨ ᠪᠦᠷᠢᠨᠰᠢᠭᠦᠯᠵᠦ᠂ ᠤᠤᠯ ᠤᠨ ᠭᠠᠷᠲᠠᠨ ᠭᠦᠢᠴᠡᠳᠬᠡᠬᠦ ᠵᠠᠭᠪᠤᠷ ᠲᠤ ᠬᠤᠶᠠᠷ ᠢ ᠪᠠᠭᠠᠰᠬᠠᠬᠤ᠂ ᠬᠤᠶᠠᠷ ᠢ ᠴᠣᠮᠬᠠᠳᠬᠠᠬᠤ᠂ ᠬᠤᠶᠠᠷ ᠢ ᠰᠢᠯᠢᠳᠡᠭᠵᠢᠭᠦᠯᠬᠦ ᠵᠡᠷᠭᠡ ᠠᠯᠢ ᠣᠯᠠᠨ ᠥᠭᠡᠷᠡᠴᠢᠯᠡᠯᠲᠡ ᠰᠢᠯᠢᠳᠡᠭᠵᠢᠭᠦᠯᠦᠯᠲᠡ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ 33 ᠵᠦᠢᠯ ᠤᠨ ᠲᠤᠬᠠᠶᠢᠯᠠᠭᠰᠠᠨ ᠠᠵᠢᠯ ᠤᠨ 27 ᠵᠦᠢᠯ ᠢ ᠰᠢᠯᠢᠳᠡᠭᠵᠢᠭᠦᠯᠦᠨ᠂ ᠰᠢᠯᠢᠳᠡᠭᠵᠢᠭᠦᠯᠬᠦ ᠨᠣᠷᠮ᠎ᠠ 81%᠎ ᠳᠤ ᠬᠥᠷᠪᠡ᠃ ᠬᠤᠶᠠᠷ ᠲᠤ ᠂ ︽ ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠳᠠᠭᠠᠳᠬᠠᠯ ︾ ᠎ ᠤᠨ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠠᠪᠤᠴᠠ ᠶᠢ ᠪᠠᠷᠢᠮᠵᠢᠶᠠᠵᠢᠭᠤᠯᠬᠤ ᠂ ᠵᠢᠷᠤᠮᠵᠢᠭᠤᠯᠬᠤ ᠂ ᠳᠥᠭᠦᠮ ᠳᠥᠲᠡ ᠪᠣᠯᠭᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠠᠮᠵᠢᠯᠠᠯᠲᠤ ᠦᠢᠯᠡᠴᠢᠯᠡᠭᠡ ᠪᠣᠯᠣᠨ ᠣᠶᠤᠨᠴᠢ ᠦᠢᠯᠡᠴᠢᠯᠡᠭᠡ ᠶᠢᠨ ᠠᠭᠤᠰᠤᠯᠴᠠᠯ ᠢ ᠠᠬᠢᠭᠤᠯᠪᠠ᠃ 16 ᠵᠦᠢᠯ ᠤᠨ ᠥᠨᠳᠥᠷ ᠳᠠᠪᠲᠠᠮᠵᠢ ᠶᠢᠨ ᠲᠤᠬᠠᠶᠢᠯᠠᠭᠰᠠᠨ ᠠᠵᠢᠯ ᠢ ᠡᠮᠬᠢᠯᠡᠨ ᠳᠢᠭᠯᠡᠵᠦ᠂ ︽ᠰᠦᠯᠵᠢᠶᠡᠨ ᠳᠡᠭᠡᠷ᠎ᠡ ᠡᠷᠭᠢᠯᠡᠬᠦ︾᠂ ︽ᠠᠯᠠᠭᠠᠨ ᠳᠡᠭᠡᠷ᠎ᠡ ᠎ ᠪᠠᠨ ᠭᠦᠢᠴᠡᠳᠬᠡᠬᠦ︾᠂ ︽ᠥᠪᠡᠰᠦᠪᠡᠨ ᠦᠢᠯᠡᠴᠢᠯᠡᠬᠦ︾ ᠠᠷᠭ᠎ᠠ ᠮᠠᠶ᠋ᠢᠭ ᠢ ᠠᠪᠴᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1