ᠣᠶᠢᠷ᠎ᠠ ᠳᠤ ᠂ ᠨᠡᠶᠢᠲᠡ 7.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ | ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠦᠬᠦᠷ ᠲᠢᠲ᠋ᠠᠨ | ᠹᠣᠰᠹᠣᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠰᠥᠯ ᠤᠨ ᠠᠵᠢᠯ ᠢᠶᠠᠨ ᠰᠡᠷᠭᠦᠭᠡᠬᠦ ᠪᠦᠲᠦᠭᠡᠨ | ᠪᠠᠶᠢᠭᠤᠯᠤᠯᠲᠠ ᠬᠢᠪᠡ᠃ ᠲᠣᠰ ᠲᠥᠰᠥᠯ ᠨᠢ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠤᠸᠠᠨ | ᠪᠦᠦ ᠱᠠᠨ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠭᠤᠣᠯᠳᠠᠭᠤ ᠬᠦᠬᠦᠷ ᠬᠦᠴᠢᠯ᠂ ᠲᠢᠲ᠋ᠠᠨ ᠤ ᠳᠠᠪᠬᠤᠷ | ᠢᠰᠦᠯ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠢ | ᠪᠠᠶᠢᠭᠤᠯᠵᠤ᠂ ᠵᠢᠯ ᠳᠤ ᠬᠦᠬᠦᠷ ᠬᠦᠴᠢᠯ᠂ ᠲᠢᠲ᠋ᠠᠨ ᠤ ᠳᠠᠪᠬᠤᠷ ᠢᠰᠦᠯ ᠵᠡᠷᠭᠡ ᠬᠢᠮᠢ ᠶᠢᠨ ᠠᠵᠤ ᠦᠢᠯᠡᠳᠪᠦᠷᠢ ᠶᠢᠨ | ᠲᠦᠭᠦᠬᠡᠢ ᠮᠠᠲ᠋ᠧᠷᠢᠶᠠᠯ ᠢ 60 ᠲᠦᠮᠡᠨ ᠲᠣᠨ ᠦᠢᠯᠡᠳᠪᠦᠷᠢᠯᠡᠨ᠎ᠡ᠃ ᠵᠢᠱᠢᠯᠲᠡ ᠪᠠᠷ 2024 ᠣᠨ ᠤ 6 ᠰᠠᠷ᠎ᠠ ᠳᠤ | ᠲᠥᠰᠥᠯ ᠢ ᠳᠠᠭᠤᠰᠬᠠᠵᠤ᠂ ᠲᠥᠰᠥᠯ ᠪᠡᠶᠡᠯᠡᠭᠳᠡᠭᠰᠡᠨ ᠤ ᠳᠠᠷᠠᠭ᠎ᠠ ᠂ 16 ᠳ᠋ᠦᠩᠰᠢᠭᠤᠷ ᠲᠥᠭᠦᠷᠢᠭ ᠤᠨ | ᠪᠣᠷᠤᠯᠠᠭᠤᠯᠭ᠎ᠠ ᠶᠢᠨ ᠣᠷᠣᠯᠭ᠎ᠠ᠂ 2.5 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 400 | ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ᠃ | |