ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ︽ᠤᠷᠠᠨ ᠭᠠᠷ︾᠎ ᠤᠨ ᠠᠵᠤ ᠦᠢᠯᠡᠰ ᠢᠶᠠᠷ ᠡᠮᠡᠭᠲᠡᠶᠢᠴᠦᠳ ᠢ ᠳᠠᠶᠢᠴᠢᠯᠠᠨ ᠮᠢᠩᠭ᠎ᠠ ᠰᠢᠬᠠᠮ ᠬᠥᠮᠥᠨ ᠳᠤ ᠠᠵᠢᠯ ᠣᠯᠭᠤᠪᠠ
ᠨᠡᠶᠢᠲᠡᠯᠡᠭᠰᠡᠨ ᠴᠠᠭ᠄
2023/3/29
    ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ︽ᠤᠷᠠᠨ ᠭᠠᠷ︾᠎ ᠤᠨ ᠠᠵᠤ ᠦᠢᠯᠡᠰ ᠎ ᠢᠶᠠᠷ ᠡᠮᠡᠭᠲᠡᠶᠢᠴᠦᠳ ᠢ ᠳᠠᠶᠢᠴᠢᠯᠠᠨ ᠮᠢᠩᠭ᠎ᠠ ᠰᠢᠬᠠᠮ ᠬᠥᠮᠥᠨ ᠳᠤ ᠠᠵᠢᠯ ᠣᠯᠭᠤᠪᠠ᠃ ᠠᠵᠢᠯ ᠤᠨ ᠪᠠᠶᠢᠷᠢ ᠎ ᠠᠴᠠ ᠪᠠᠨ ᠪᠠᠭᠤᠭᠰᠠᠨ ᠡᠮᠡᠭᠲᠡᠢ ᠠᠵᠢᠯᠴᠢᠨ᠂ ᠬᠡᠥᠬᠡᠳ ᠲᠠᠢ ᠪᠥᠰᠡᠭᠦᠢ ᠵᠡᠷᠭᠡ ᠡᠲᠡᠭᠡᠳ ᠤᠨ ᠠᠵᠢᠯ ᠣᠯᠬᠤ ᠳᠤ ᠬᠦᠴᠢᠷᠲᠡᠢ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂ 30 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠮᠡᠭᠲᠡᠶᠢᠴᠦᠳ ᠤᠨ ︽ᠤᠷᠠᠨ ᠭᠠᠷ︾ ᠠᠳᠠᠯ ᠦᠢᠯᠡᠰ ᠴᠣᠭᠴᠠᠯᠠᠵᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ ᠂ ︽ᠵᠧᠩ ᠶᠠᠩ ᠭᠠᠷ ᠤᠷᠠᠯᠠᠯ ᠤᠨ ᠠᠵᠢᠯ ᠤᠨ ᠲᠠᠰᠤᠭ︾ ︽ ᠹᠧᠩ ᠰᠢᠤᠸᠠᠢ ᠴᠦ᠋ ᠴᠢᠩ ᠵᠠᠰᠠᠯ ᠴᠢᠮᠡᠭᠯᠡᠯ ᠤᠨ ᠪᠦᠲᠦᠭᠡᠭᠳᠡᠭᠦᠨ ᠤ ᠠᠵᠢᠯ ᠤᠨ ᠲᠠᠰᠤᠭ︾ ᠪᠠ ︽  ᠡᠮᠡᠭᠲᠡᠶᠢᠴᠦᠳ ᠤᠨ ᠭᠠᠷ ᠤᠷᠠᠯᠠᠯ ᠤᠨ ᠪᠦᠲᠦᠭᠡᠭᠳᠡᠬᠦᠨ ᠤ ᠠᠵᠢᠯ ᠤᠨ ᠲᠠᠰᠤᠭ︾ ᠵᠡᠷᠭᠡ ᠭᠠᠷ ᠤᠷᠠᠯᠠᠯ ᠤᠨ ᠠᠵᠤ ᠦᠢᠯᠡᠰ ᠢ ᠠᠮᠵᠢᠯᠲᠠ ᠲᠠᠢ ᠪᠠᠷ ᠡᠬᠢᠯᠡᠭᠦᠯᠪᠡ᠃ ᠣᠳᠣᠬᠠᠨ ᠳᠤ᠂ ᠭᠠᠷ ᠢᠶᠠᠷ ᠦᠶᠯᠡᠳᠬᠦ᠂ ᠵᠠᠰᠠᠯ ᠵᠢᠮᠰᠡᠭ ᠤᠨ ᠵᠢᠷᠤᠭ ᠲᠥᠯᠥᠪᠯᠡᠭᠡ ᠵᠡᠷᠭᠡ ᠮᠡᠷᠭᠡᠵᠢᠯ ᠤᠨ ᠪᠣᠯᠪᠠᠰᠤᠷᠠᠭᠤᠯᠤᠯ ᠢ ᠨᠡᠶᠢᠲᠡ 18 ᠤᠳᠠᠭ᠎ᠠ ᠥᠷᠨᠢᠭᠦᠯᠵᠦ᠂ ᠡᠮᠡᠭᠲᠡᠶᠢᠴᠦᠳ ᠢ ᠳᠠᠶᠢᠴᠢᠯᠠᠨ ᠮᠢᠩᠭ᠎ᠠ ᠰᠢᠬᠠᠮ ᠬᠥᠮᠥᠨ ᠳᠤ ᠠᠵᠢᠯ ᠣᠯᠭᠤᠵᠤ ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠢᠨᠵᠧᠨᠧᠷᠢᠩ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠬᠦᠴᠦᠲᠡᠢ ᠲᠦᠯᠬᠢᠨ ᠠᠬᠢᠭᠤᠯᠵᠤ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1