ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/29
    ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠵᠤ ᠪᠠᠶᠢᠨ᠎ᠠ᠃ ᠳᠠᠭᠠᠭᠤᠯᠤᠭᠴᠢ ᠠᠵᠤ ᠠᠬᠤᠶᠢᠯᠠᠯ ᠢᠶᠠᠷ ᠲᠠᠶᠢᠴᠢᠯᠠᠨ ᠂ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠂ ᠦᠢᠯᠡᠳᠪᠦᠷᠢᠯᠡᠯ ᠤᠨ ᠰᠢᠰᠲ᠋ᠧᠮ ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠵᠤ ᠂ ︽ ᠳᠠᠭᠠᠭᠤᠯᠤᠭᠴᠢ ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠭᠡ ︾᠎ ᠶᠢᠨ ᠵᠣᠬᠢᠶᠠᠨ ᠪᠠᠶᠢᠭᠤᠯᠤᠯᠲᠠ ᠶᠢᠨ ᠠᠴᠢᠶᠠᠯᠠᠪᠤᠷᠢ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ ᠂ ᠥᠷᠭᠡᠨ ᠤᠯᠠᠨ ᠲᠠᠷᠢᠶᠠᠴᠢᠳ ᠲᠤ ᠨᠡᠩ ᠤᠯᠠᠨ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠤᠨ ᠨᠡᠮᠡᠭᠳᠡᠯ ᠠᠴᠠ ᠪᠣᠯᠤᠭᠰᠠᠨ ᠠᠰᠢᠭ ᠣᠷᠣᠯᠭ᠎ᠠ ᠶᠢ ᠡᠳ᠋ᠯᠡᠭᠦᠯᠦᠨ᠎ᠡ ᠃ ᠣᠳᠣᠬᠠᠨ ᠳᠤ᠂ ᠮᠠᠨ ᠤ ᠲᠣᠭᠤᠷᠢᠭ ᠨᠢᠭᠡᠨᠲᠡ ᠲᠠᠯ᠎ᠠ ᠨᠤᠲᠤᠭ ᠤᠨ ᠹᠦ᠋ ᠮᠧᠶ᠂ ᠲᠠᠯ᠎ᠠ ᠨᠤᠲᠤᠭ ᠤᠨ ᠳᠠᠭᠤᠤ ᠭᠡᠬᠦ ᠬᠤᠶᠠᠷ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ 104 ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠲᠠᠯᠠᠪᠠᠶ 40 ᠭᠠᠷᠤᠢ ᠲᠦᠮᠡᠨ ᠮᠦ ᠳᠤ ᠬᠥᠷᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1