ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠠᠵᠤ ᠠᠬᠤᠶᠢᠯᠠᠯ ᠢ ᠳᠡᠮᠵᠢᠨ ᠳᠠᠬᠢᠨ ᠢᠶᠠᠷ ᠨᠡᠮᠡᠭᠳᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/3/29
    ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠠᠵᠤ ᠠᠬᠤᠶᠢᠯᠠᠯ ᠢ ᠳᠡᠮᠵᠢᠨ ᠳᠠᠬᠢᠨ ᠢᠶᠠᠷ ᠨᠡᠮᠡᠭᠳᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠥ ᠪᠠᠶᠢᠨ᠎ᠠ ᠃ ︽ᠬᠤᠳᠠᠯᠳᠤᠭ᠎ᠠ ᠡᠷᠭᠢᠯᠡᠬᠦ ᠣᠷᠴᠢᠨ ᠤ ᠭᠥᠯᠢᠶᠡᠨ ᠠᠪᠬᠤ ᠡᠳᠦᠷ︾᠎ ᠤᠨ ᠳᠦᠷᠢᠮ ᠢ ᠪᠠᠶᠢᠭᠤᠯᠵᠤ᠂ ᠰᠠᠯᠠᠭ᠎ᠠ ᠮᠥᠴᠢᠷ ᠤᠨ ᠪᠠᠶᠢᠩᠭᠤ ᠶᠢᠨ ᠠᠵᠤ ᠠᠬᠤᠶᠢᠯᠠᠯ ᠳᠤ ᠣᠷᠣᠵᠤ ᠰᠤᠷᠪᠤᠯᠵᠢᠯᠠᠬᠤ ᠶᠢ ᠠᠬᠢᠭᠤᠯᠤᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠥᠷᠢᠯᠡᠵᠦ ᠪᠠᠶᠢᠨ᠎ᠠ᠃ ᠪᠥᠬᠦ ᠲᠣᠭᠤᠷᠢᠭ ᠤᠨ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ︿ᠠᠵᠤ ᠠᠬᠤᠶᠢᠯᠠᠯ ᠢ ᠳᠡᠮᠵᠢᠨ ᠳᠠᠬᠢᠨ ᠢᠶᠠᠷ ᠨᠡᠮᠡᠭᠳᠡᠭᠦᠯᠬᠦ﹀ ᠠᠵᠢᠯᠯᠠᠭ᠎ᠠ ᠶᠢᠨ ᠲᠥᠰᠥᠪ︾᠎ ᠢ ᠲᠣᠭᠲᠠᠭᠠᠨ ᠲᠠᠷᠬᠠᠭᠠᠵᠤ᠂ ︽10+N︾ ᠬᠡᠯᠪᠡᠷᠢ ᠶᠢ ᠠᠪᠴᠤ᠂ ᠬᠢᠨᠠᠨ ᠵᠥᠪᠰᠢᠶᠡᠷᠡᠬᠦ ᠶᠢ ᠰᠢᠯᠢᠳᠡᠭᠵᠢᠭᠦᠯᠬᠦ ᠂ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠬᠦ᠂ ᠡᠳ᠋ ᠤᠨ ᠵᠠᠰᠠᠭ ᠭᠠᠶᠢᠯᠢ ᠪᠠᠷ ᠲᠡᠳᠬᠦᠬᠦ᠂ ᠮᠥᠩᠭᠦᠨ ᠭᠦᠢᠯᠭᠡᠭᠡᠨ ᠎ ᠲᠠᠢ ᠵᠣᠯᠭᠠᠭᠤᠯᠬᠤ᠂ ᠬᠡᠷᠡᠭᠯᠡᠭᠡ ᠪᠠᠷ ᠳᠠᠶᠢᠴᠢᠯᠠᠬᠤ᠂ ᠬᠢᠨᠠᠯᠲᠠ ᠬᠠᠮᠢᠶᠠᠷᠤᠯᠲᠠ ᠶᠢᠨ ᠳᠠᠷᠤᠭᠠᠰᠤ ᠶᠢ ᠬᠥᠩᠭᠡᠷᠡᠭᠦᠯᠬᠦ᠂ ᠬᠠᠤᠯᠢ ᠴᠠᠭᠠᠵᠠ ᠪᠠᠷ ᠬᠠᠮᠠᠭᠠᠯᠠᠬᠤ᠂ ᠢᠲᠡᠭᠡᠮᠵᠢ ᠶᠢ ᠰᠡᠷᠭᠦᠭᠡᠬᠦ ᠂ ᠰᠢᠨᠵᠢᠯᠡᠬᠦ ᠤᠬᠠᠭᠠᠨ ᠮᠡᠷᠭᠡᠵᠢᠯ ᠎ ᠢᠶᠠᠷ ᠰᠢᠨ᠎ᠡ ᠶᠢ ᠡᠭᠦᠳᠬᠦ᠂ ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠬᠦ ᠵᠡᠷᠭᠡ ᠲᠣᠭᠤᠷᠢᠭ ᠤᠨ ᠲᠠᠰ ᠤᠨ 10 ᠭᠤᠣᠯᠳᠠᠯᠭ᠎ᠠ ᠲᠠᠢ ᠠᠵᠢᠯᠯᠠᠭ᠎ᠠ ᠪᠠ ᠡᠯ᠎ᠡ ᠰᠠᠯᠠᠭ᠎ᠠ ᠮᠥᠴᠢᠷ ᠤᠨ N ᠣᠨᠴᠠᠯᠢᠭ ᠲᠠᠢ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠭᠠᠷᠤᠯᠲᠠ ᠶᠢ ᠨᠢ ᠨᠡᠮᠡᠭᠳᠡᠭᠦᠯᠦᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ ᠪᠠᠶᠢᠨ᠎ᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1