ᠶᠤᠸᠠᠨ ᠪᠦᠦ ᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ︽ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ︾ ᠦᠨᠳᠦᠰᠦᠨ ᠱᠠᠲᠤᠨ ᠤ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/30
    3 ᠰᠠᠷ᠎ᠠ ᠶᠢᠨ 23᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠢ ᠽᠦᠸᠧ ᠬᠤᠸ ︽ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ︾ ᠦᠨᠳᠦᠰᠦᠨ ᠱᠠᠲᠤᠨ ᠤ ᠵᠥᠪᠯᠡᠯᠭᠡᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠤᠯᠴᠠᠪᠠ᠃ᠬᠤᠷᠠᠯ ᠳᠡᠭᠡᠷ᠎ᠡ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠷᠠᠯ ᠤᠨ ᠭᠤᠣᠯ ᠰᠡᠳᠦᠪ ᠎ ᠢ ᠪᠠᠷᠢᠵᠤ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠬᠤ᠂ ᠳᠡᠭᠡᠳᠦ ᠲᠠᠰ ᠤᠨ ᠴᠢᠳᠠᠪᠤᠷᠢᠲᠠᠨ ᠤ ᠬᠠᠷᠠᠭᠠᠯᠵᠠᠯ ᠢ ᠳᠡᠭᠡᠭᠰᠢᠯᠡᠭᠦᠯᠬᠦ᠂ ᠣᠯᠠᠨ ᠠᠷᠭ᠎ᠠ ᠵᠠᠮ ᠢᠶᠠᠷ ᠴᠢᠳᠠᠪᠤᠷᠢᠲᠠᠨ ᠤ ᠪᠣᠯᠪᠠᠰᠤᠷᠠᠭᠤᠯᠤᠯ ᠢ ᠥᠷᠨᠢᠭᠦᠯᠬᠦ᠂ ᠴᠢᠳᠠᠪᠤᠷᠢᠲᠠᠨ ᠢ ᠤᠷᠮᠠᠰᠢᠭᠤᠯᠬᠤ ᠪᠠᠲᠤᠯᠠᠭ᠎ᠠ ᠶᠢᠨ ᠲᠣᠭᠲᠠᠴᠠ ᠶᠢ ᠴᠢᠩᠭᠠᠷᠠᠭᠤᠯᠬᠤ ᠵᠡᠷᠭᠡ ᠬᠡᠷᠡᠭᠵᠢᠭᠦᠯᠦᠭᠦᠰᠢᠲᠡᠢ ᠰᠠᠨᠠᠯ ᠰᠠᠨᠠᠭᠤᠯᠭ᠎ᠠ ᠳᠤᠷᠠᠳᠪᠠ᠃ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ ᠠᠵᠢᠯ ᠤᠨ ᠪᠠᠶᠢᠳᠠᠯ ᠤᠨ ᠲᠤᠬᠠᠢ ᠨᠠᠷᠢᠨ ᠨᠢᠮᠪᠠᠢ ᠬᠠᠷᠢᠭᠤᠯᠲᠠ ᠥᠭᠪᠡ᠃
1_副本.jpg
       ᠬᠤᠷᠠᠯ ᠠᠴᠠ ᠂ ᠦᠵᠡᠯ ᠰᠠᠨᠠᠭ᠎ᠠ ᠪᠠᠨ ᠴᠢᠯᠦᠭᠡᠯᠡᠵᠦ ᠂ ᠵᠣᠭᠰᠣᠴᠠ ᠪᠠᠨ ᠳᠡᠭᠡᠭᠰᠢᠯᠡᠭᠦᠯᠥᠨ᠂ ᠰᠢᠨ᠎ᠡ ᠪᠠᠶᠢᠳᠠᠯ ᠂ ᠰᠢᠨ᠎ᠡ ᠡᠭᠦᠷᠭᠡ ᠂ ᠰᠢᠨ᠎ᠡ ᠥᠷᠢᠰᠦᠯᠳᠦᠭᠡᠨ ᠤ ᠡᠮᠦᠨ᠎ᠡ ᠡᠷᠬᠡᠪᠰᠢ ᠴᠢᠳᠠᠪᠤᠷᠢᠲᠠᠨ ᠤ ᠡᠬᠢ ᠪᠠᠶᠠᠯᠢᠭ ᠪᠣᠯ ᠨᠢᠭᠡᠳᠦᠭᠡᠷ ᠡᠬᠢ ᠪᠠᠶᠠᠯᠢᠭ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠰᠢᠨ᠎ᠡ ᠴᠠᠭ ᠦᠶ᠎ᠡ ᠳᠤ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠴᠢᠳᠠᠪᠤᠷᠢᠲᠠᠨ ᠢ ᠶᠡᠬᠡᠪᠡᠷ ᠲᠡᠳᠡᠨ ᠴᠤᠭᠯᠠᠭᠤᠯᠵᠤ᠂ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠬᠦ᠂ ᠠᠷᠭ᠎ᠠ ᠪᠦᠬᠦᠨ ᠢ ᠰᠦᠪᠡᠭᠴᠢᠯᠡᠨ ᠴᠢᠳᠠᠪᠤᠷᠢᠲᠠᠨ ᠢ ᠦᠯᠡᠳᠡᠭᠡᠬᠦ ᠳᠡᠭᠡᠷ᠎ᠡ ᠬᠦᠴᠦ ᠲᠠᠯᠪᠢᠵᠤ᠂ ᠴᠢᠳᠠᠪᠤᠷᠢᠲᠠᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠴᠢᠳᠠᠪᠤᠷᠢᠲᠠᠨ ᠤ ᠬᠥᠭᠵᠢᠯᠲᠡ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠮᠠᠨ ᠤ ᠲᠣᠭᠤᠷᠢᠭ ᠤᠨ ᠴᠢᠳᠠᠪᠤᠷᠢᠲᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠣᠳᠣᠬᠢᠴᠢᠯᠠᠭᠰᠠᠨ ᠶᠤᠸᠠᠨ ᠪᠦᠦ ᠱᠠᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠪᠠ ᠥᠷᠭᠡᠨ ᠳᠡᠯᠭᠡᠷ ᠣᠶᠤᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠬᠡᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯ ᠤᠯᠤᠰ ᠲᠥᠷᠥ ᠶᠢᠨ ᠵᠥᠪᠯᠡᠯᠭᠡᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠳᠤᠮᠳᠠ ᠴᠢᠬᠤᠯᠠ ᠦᠢᠯᠡᠳᠦᠯ ᠪᠠᠳᠠᠷᠠᠭᠤᠯᠬᠤ ᠶᠢᠨ ᠳᠠᠪᠠᠭᠤᠯᠢᠭ ᠪᠠ ᠠᠮᠢᠵᠢᠷᠠᠯ ᠤᠨ ᠬᠦᠴᠦᠨ ᠮᠥᠨ᠂ ᠡᠷᠬᠡᠪᠰᠢ ᠨᠠᠮ ᠵᠠᠰᠠᠭ ᠤᠨ ᠠᠩᠬᠠᠷᠴᠤ ᠪᠠᠶᠢᠭ᠎ᠠ ᠂ ᠤᠯᠠᠨ ᠲᠦᠮᠡᠨ ᠤ ᠠᠩᠬᠠᠷᠴᠤ ᠪᠠᠶᠢᠭ᠎ᠠ ᠂ ᠨᠡᠶᠢᠭᠡᠮ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠲᠤᠰᠬᠠᠵᠤ ᠂ ᠮᠡᠷᠭᠡᠨ ᠦᠭᠡ ᠶᠢ ᠢᠯᠡᠭᠦᠬᠡᠨ ᠳᠤᠷᠠᠳᠴᠤ ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ ᠂ ᠤᠯᠤᠰ ᠲᠦᠷᠦ ᠶᠢᠨ ᠵᠥᠪᠯᠡᠯᠭᠡᠨ ᠤ ᠳᠦᠷᠢᠮ ᠤᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠳᠤ ᠣᠷᠤᠯᠴᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1