ᠶᠤᠸᠠᠨ ᠪᠦᠦ ᠱᠠᠨ ᠲᠣᠭᠤᠷᠢᠭ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/30
   1_副本.jpg
      3 ᠰᠠᠷ᠎ᠠ ᠶᠢᠨ 23᠎ ᠤ ᠡᠳᠦᠷ᠂ ᠶᠤᠸᠠᠨ ᠪᠦᠦ ᠱᠠᠨ ᠲᠣᠭᠤᠷᠢᠭ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠯᠢ ᠽᠥᠩ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠡᠯ᠎ᠡ ᠪᠠᠯᠭᠠᠰᠤ ᠰᠢᠶᠠᠩ ᠤᠨ ᠵᠠᠰᠠᠭ ᠤᠨ ᠣᠷᠳᠣᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠬᠠᠷᠢᠭᠤᠴᠠᠯᠭᠠᠲᠠᠨ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︔ ᠡᠯ᠎ᠡ ᠲᠤᠷᠰᠢᠯᠲᠠ ᠶᠢᠨ ᠴᠢᠭ᠋ ᠤᠨ ᠲᠣᠰᠬᠤᠨ ᠂ ᠎ ᠲᠠᠭᠠᠨ ᠰᠤᠷᠤᠯᠴᠠᠭᠴᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠷᠠᠯ ᠳᠤ ᠣᠷᠣᠯᠴᠠᠪᠠ ᠃    ᠬᠤᠷᠠᠯ ᠠᠴᠠ ᠡᠯ᠎ᠡ ᠪᠠᠯᠭᠠᠰᠤ ᠰᠢᠶᠠᠩ ᠤᠨ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠎ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠵᠠᠳᠠᠯᠵᠤ ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠠᠴᠠ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠣᠯᠣᠨ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠮᠥᠨ᠂ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠬᠢᠭᠤᠯᠵᠤ ᠪᠠᠶᠢᠭ᠎ᠠ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠨᠢᠭᠡ ᠵᠦᠢᠯ ᠤᠨ ᠴᠢᠬᠤᠯᠠ ᠠᠵᠢᠯ ᠮᠥᠨ᠃ ᠬᠤᠷᠠᠯ ᠠᠴᠠ ᠂ ᠡᠯ᠎ᠡ ᠪᠠᠯᠭᠠᠰᠤ ᠰᠢᠶᠠᠩ ᠂ ᠡᠯ᠎ᠡ ᠰᠠᠯᠠᠭ᠎ᠠ ᠮᠥᠴᠢᠷ ᠤᠨ ᠬᠢᠨ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢ ᠲᠠᠬᠢᠨ ᠲᠠᠨᠢᠵᠤ ᠂ ᠨᠢᠭᠲᠠ ᠬᠠᠮᠵᠢᠯᠴᠠᠵᠤ ᠂ ᠬᠦᠴᠦ ᠪᠠᠨ ᠬᠠᠮᠲᠤᠳᠬᠠᠨ ᠬᠠᠮᠵᠢᠯᠴᠠᠵᠤ ᠂ ᠤᠯᠠᠮ ᠴᠢᠨᠠᠭᠰᠢᠳᠠ ᠭᠤᠣᠯᠳᠠᠯᠭ᠎ᠠ ᠶᠢ ᠳᠣᠪᠤᠶᠢᠯᠭᠠᠨ᠂ ᠵᠠᠩᠭᠢᠯᠠᠭ᠎ᠠ ᠶᠢ ᠠᠳᠬᠤᠵᠤ ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠵᠢᠯ ᠢᠶᠠᠨ ᠠᠬᠢᠭᠤᠯᠬᠤ ᠬᠡᠷᠡᠭᠲᠡᠢ ᠃ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠪᠠᠷ ᠰᠠᠭᠤᠷᠢ ᠪᠣᠯᠭᠠᠵᠤ᠂ ᠬᠥᠮᠥᠨ ᠠᠮᠠ᠂ ᠡᠳ᠋ ᠬᠥᠷᠥᠩᠭᠡ᠂ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠠᠯᠢ ᠲᠦᠷᠭᠡᠨ ᠢᠶᠠᠷ ᠲᠣᠳᠣᠷᠬᠠᠢ ᠪᠣᠯᠭᠠᠵᠤ᠂ ᠥᠭᠡᠷᠡᠴᠢᠯᠡᠯᠲᠡ ᠶᠢᠨ ᠰᠠᠭᠤᠷᠢ ᠎ ᠶᠢ ᠪᠠᠲᠤᠳᠬᠠᠬᠤ ᠬᠡᠷᠡᠭᠲᠡᠢ ᠃ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠭᠤᠣᠯᠳᠠᠯᠭ᠎ᠠ ᠪᠣᠯᠭᠠᠵᠤ᠂ ᠭᠠᠵᠠᠷ ᠰᠢᠷᠣᠢ ᠶᠢ ᠲᠣᠰᠬᠤᠨ ᠤ ᠬᠠᠮᠲᠤ ᠶᠢᠨ ᠬᠤᠷᠰᠢᠶ᠎ᠠ ᠲᠡᠶᠢᠰᠢ ᠡᠷᠭᠢᠯᠲᠡ ᠳᠤ ᠣᠷᠣᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠬᠡᠪᠴᠢᠶᠡᠲᠦ ᠡᠵᠡᠩᠨᠡᠯᠲᠡ ᠶᠢ ᠠᠬᠢᠭᠤᠯᠤᠨ᠂ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠬᠠᠮᠲᠤ ᠶᠢᠨ ᠪᠠ ᠲᠠᠷᠢᠶᠠᠴᠢᠳ ᠤᠨ ᠣᠷᠣᠯᠭ᠎ᠠ ᠶᠢᠨ ᠳᠠᠪᠬᠤᠷ ᠨᠡᠮᠡᠭᠳᠡᠯ ᠢ ᠪᠡᠶᠡᠯᠡᠭᠦᠯᠬᠦ ᠬᠡᠷᠡᠭᠲᠡᠢ ︔ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ ᠂ ᠲᠠᠷᠢᠶᠠᠴᠢᠳ ᠲᠤ ᠲᠦᠷᠢᠶᠡᠰᠦᠨ ᠮᠥᠩᠭᠦ ᠣᠯᠭᠤᠵᠤ᠂ ᠬᠤᠪᠢ ᠣᠷᠣᠭᠤᠯᠤᠭᠰᠠᠨ ᠮᠥᠩᠭᠦ ᠬᠤᠪᠢᠶᠠᠨ ᠥᠭᠴᠦ ᠂ ᠴᠠᠯᠢᠩ ᠮᠥᠩᠭᠦ ᠣᠯᠭᠤᠬᠤ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠲᠤᠰᠬᠠᠢ ᠠᠩᠭᠢ ᠶᠢᠨ ᠦᠢᠯᠡᠳᠦᠯ ᠢ ᠪᠠᠳᠠᠷᠠᠭᠤᠯᠵᠤ ᠂ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ ᠪᠠᠲᠤᠳᠬᠠᠵᠤ ᠂ ᠵᠣᠬᠢᠴᠠᠭᠤᠯᠤᠨ ᠬᠠᠮᠵᠢᠯᠴᠠᠵᠤ ᠂ ᠲᠤᠰ ᠲᠤᠰ ᠤᠨ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ ᠂ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1