2023 ᠣᠨ ᠤ ᠶᠤᠸᠠᠨ ᠪᠦᠦ ᠱᠠᠨ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/30
   1_副本.jpg
       3 ᠰᠠᠷ᠎ᠠ ᠶᠢᠨ 23᠎ ᠤ ᠡᠳᠦᠷ᠂ 2023 ᠣᠨ ᠤ ᠶᠤᠸᠠᠨ ᠪᠦᠦ ᠱᠠᠨ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ︽ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ᠂ ᠲᠣᠭᠤᠷᠢᠭ ᠤᠨ ︽ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠧᠩ ᠵᠢᠶᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ 2022 ᠣᠨ ᠤ ᠪᠥᠬᠦ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠳᠠᠯ ᠢ ᠮᠡᠳᠡᠭᠳᠡᠵᠦ᠂ 2023 ᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠂ ᠰᠢᠨ᠎ᠡ ᠴᠠᠭ ᠦᠶ᠎ᠡ ᠂ ᠰᠢᠨ᠎ᠡ ᠪᠠᠶᠢᠳᠠᠯ ᠳᠣᠣᠷᠠᠬᠢ ︽ ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ ᠂ ᠠᠵᠢᠯ ᠤᠨ ᠤᠯᠤᠰ ᠲᠥᠷᠥᠴᠢ ᠴᠢᠨᠠᠷ ᠂ ᠰᠢᠰᠲ᠋ᠧᠮᠲᠦ ᠴᠢᠨᠠᠷ ᠂ ᠵᠥᠩᠨᠡᠯᠲᠡ ᠶᠢᠨ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ ᠂ ︽ ᠱᠠᠯᠢᠭ ᠵᠠᠪᠠᠭ᠋ᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠵᠢᠯ ᠢ ᠡᠷᠡᠰ ᠭᠤᠶᠢᠪᠢᠰᠢ ᠦᠭᠡᠢ ᠥᠷᠨᠢᠭᠦᠯᠵᠦ ᠂ ᠲᠣᠭᠲᠠᠭᠤᠨ ᠳᠢᠭᠯᠢᠮ ᠲᠠᠢ ᠂ ᠡᠷᠡᠭᠦᠯ ᠥᠭᠡᠳᠡᠷᠬᠡᠭ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠢ ᠪᠠᠶᠢᠯᠭᠠᠬᠤ ᠬᠡᠷᠡᠭᠲᠡᠢ᠃ ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠪᠤᠶᠢᠯᠭᠠᠨ ᠰᠠᠶᠢᠲᠤᠷ ᠠᠳᠬᠤᠵᠤ ᠂ ᠱᠠᠯᠢᠭ ᠵᠠᠪᠬᠠᠢ ᠵᠦᠢᠯ ᠵᠡᠷᠭᠡ ᠰᠣᠶᠣᠯ ᠤᠨ ᠬᠤᠭ ᠨᠣᠪᠰᠢ ᠶᠢ ᠡᠷᠡᠰ ᠢᠶᠠᠷ ᠱᠦᠭᠦᠷᠳᠡᠨ ᠠᠷᠢᠯᠭᠠᠵᠤ ᠂ ᠰᠦᠯᠵᠢᠶᠡᠨ ᠤ ᠣᠷᠣᠨ ᠵᠠᠢ ᠶᠢᠨ ᠴᠡᠪᠡᠷ ᠲᠤᠩᠭᠠᠯᠠᠭ ᠪᠠᠶᠢᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠃ ᠪᠠᠶᠢᠭᠤᠯᠤᠮᠵᠢ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ ᠂ ︽ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾᠎ ᠶᠢᠨ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠳᠠᠬᠢ ︽ ᠬᠤᠷᠴᠠ ᠰᠡᠯᠡᠮ᠎ᠡ ︾᠎ ᠶᠢᠨ ᠦᠢᠯᠡᠳᠦᠯ ᠢ ᠥᠨᠡᠨ ᠬᠦ ᠪᠠᠳᠠᠷᠠᠭᠤᠯᠵᠤ ᠂ ᠠᠮᠤᠷ ᠲᠣᠭᠲᠠᠭᠤᠨ ᠤ ᠶᠡᠭᠡ ᠲᠠᠯ᠎ᠠ ᠶᠢ ᠥᠨᠡᠨ ᠬᠦ ᠬᠠᠮᠠᠭᠠᠯᠠᠨ ᠂ ︽ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠵᠢᠯ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ ᠂ ᠰᠢᠨ᠎ᠡ ᠪᠠᠶᠢᠳᠠᠯ ᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1