ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠤᠨ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/30
   
1_副本.jpg
       3 ᠰᠠᠷ᠎ᠠ ᠶᠢᠨ 22᠎ ᠤᠨ ᠡᠳᠦᠷ ᠂ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠯᠢ ᠶᠠᠨ ᠭᠤᠸᠠᠩ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠤᠨ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠠᠯ᠎ᠠ ᠨᠤᠲᠤᠭ ᠤᠨ ᠾᠦᠢ ᠰᠢᠶᠠᠩ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠾᠦᠢ ᠳ᠋ᠠ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠂ ᠵᠢᠦᠢ ᠾᠥᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠬᠥᠷᠥᠨ ᠪᠠᠶᠢᠴᠠᠭᠠᠨ ᠰᠤᠳᠤᠯᠤᠯᠲᠠ ᠬᠢᠵᠦ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠲᠥᠯᠦᠪᠵᠢᠭᠦᠯᠭᠡ ᠶᠢ ᠭᠦᠨᠵᠡᠭᠡᠢ ᠣᠶᠢᠯᠠᠭᠠᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠰᠣᠨᠣᠰᠴᠤ ᠂ ᠠᠵᠤ ᠠᠬᠤᠶᠢᠯᠠᠯ ᠤᠨ ᠠᠵᠠ ᠲᠣᠬᠢᠶᠠᠯ ᠢ ᠠᠮᠵᠢᠨ ᠵᠠᠬ᠎ᠠ ᠳᠡᠯᠭᠡᠭᠦᠷ ᠢᠶᠠᠨ ᠥᠷᠭᠡᠳᠬᠡᠵᠦ ᠂ ᠪᠣᠳᠠᠲᠤ ᠬᠦᠴᠦᠨ ᠢᠶᠠᠨ ᠳᠡᠭᠡᠭᠰᠢᠯᠡᠭᠦᠯᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠵᠢᠭᠤᠯᠪᠠ ᠃    ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠤᠯᠠᠷᠢᠯ ᠳᠤ ᠠᠵᠤ ᠠᠬᠤᠶᠢᠯᠠᠯ ᠤᠨ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠬᠢᠵᠠᠭᠠᠷᠯᠠᠭᠰᠠᠨ ᠪᠠᠶᠢᠳᠠᠯ ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠰᠣᠨᠣᠰᠴᠤ ᠂ ᠵᠢᠯᠤᠭᠤᠳᠬᠤ ᠴᠢᠨᠠᠷᠲᠠᠢ ᠰᠠᠨᠠᠯ ᠳᠤᠷᠠᠳᠴᠠᠢ ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠴᠢᠬᠤᠯᠠᠴᠢᠯᠠᠵᠤ ᠂ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠬᠦ ᠪᠠᠨ ᠴᠢᠩᠭᠠᠳᠬᠠᠵᠤ ᠂ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠃ ᠪᠥᠭᠡᠮ ᠢᠶᠠᠷ ᠪᠣᠷᠤᠯᠠᠭᠤᠯᠬᠤ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠵᠦ ᠂ ᠠᠵᠤ ᠠᠬᠤᠶᠢᠯᠠᠯ ᠤᠨ ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠵᠣᠷᠢᠭᠵᠢᠭᠤᠯᠵᠤ ᠂ ᠪᠥᠭᠡᠮ ᠢᠶᠠᠷ ᠪᠣᠷᠤᠯᠠᠭᠤᠯᠬᠤ ᠠᠵᠢᠯ ᠲᠦᠷᠦᠯ ᠤᠨ ᠲᠣᠭᠲᠠᠭᠤᠨ ᠨᠡᠮᠡᠭᠳᠡᠯ ᠢ ᠠᠬᠢᠭᠤᠯᠬᠤ ᠬᠡᠷᠡᠭᠲᠡᠢ ᠃ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ ᠦᠷᠭᠦᠯᠵᠢᠯᠡᠨ ᠴᠢᠷᠮᠠᠶᠢᠵᠤ ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠪᠦᠬᠦ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1